ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2025/3/5
 ( ᠨᠢᠭᠡ ) ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ   ᠲᠦᠴᠢᠦᠸᠠᠨ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠣᠯ ᠵᠠᠰᠠᠭ ᠵᠠᠬᠢᠷᠭᠠᠨ ᠤ ᠪᠠᠶᠢᠭᠤᠯᠤᠯᠭ᠎ᠠ ᠪᠣᠯᠤᠨ᠎ᠠ  ᠃ ᠭᠤᠣᠯ ᠨᠢ ᠮᠠᠨ ᠤ ᠰᠢᠶᠠᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠰᠠᠷᠠᠮᠵᠢ ᠣᠯᠭᠤᠬᠤ ᠵᠡᠷᠭᠡ ᠶᠢ ᠬᠠᠷᠢᠭᠤᠴᠠᠨ᠎ᠠ  ᠃   ( ᠬᠤᠶᠠᠷ ) ᠰᠠᠯᠠᠭ᠎ᠠ ᠮᠥᠴᠢᠷ ᠤᠨ ᠭᠤᠣᠯ ᠡᠭᠦᠷᠭᠡ ᠬᠠᠷᠢᠭᠤᠴᠠᠯᠭ᠎ᠠ   1 . ᠴᠡᠷᠢᠭ ᠠᠴᠠ ᠰᠢᠯᠵᠢᠭᠰᠡᠨ ᠺᠠᠲᠠᠷ᠂ ᠴᠡᠷᠢᠭ ᠠᠴᠠ ᠬᠠᠯᠠᠭᠳᠠᠭᠰᠠᠨ  ᠺᠠᠲᠠᠷ᠂ ᠠᠵᠢᠯ ᠠᠴᠠ ᠪᠠᠨ ᠠᠮᠠᠷᠠᠵᠤ ᠪᠠᠭᠤᠭᠰᠠᠨ ᠺᠠᠲᠠᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ  ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ  ᠂ ᠡᠵᠡᠨ ᠮᠡᠳᠡᠵᠦ ᠠᠵᠢᠯ ᠰᠣᠩᠭᠤᠨ᠂ ᠡᠵᠡᠨ ᠮᠡᠳᠡᠵᠦ  ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡ ᠬᠠᠮᠢᠶᠠᠷᠤᠯᠲᠠ  ᠶᠢᠨ ᠠᠵᠢᠯ ᠢ ᠬᠠᠷᠢᠭᠤᠴᠠᠨ᠎ᠠ᠃   2 . ᠴᠡᠷᠢᠭ ᠤᠨ ᠠᠯᠪᠠᠨ ᠡᠴᠠ‌ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠷᠢᠭ ᠤᠨ ᠠᠯᠪᠠᠨ ᠡᠴᠠ‌ᠬᠠᠯᠠᠭᠳᠠᠭᠰᠠᠳ᠂ ᠴᠡᠷᠢᠭ ᠢ ᠳᠠᠭᠠᠵᠤ ᠭᠡᠷ ᠪᠦᠯᠢ ᠪᠠᠨ ᠳᠠᠭᠠᠵᠤ ᠠᠵᠢᠯ ᠣᠯᠵᠤ ᠦᠶᠯᠡᠰ ᠪᠣᠰᠬᠠᠬᠤ ᠠᠵᠢᠯ ᠢ ᠵᠣᠬᠢᠴᠠᠭᠤᠯᠤᠨ ᠲᠡᠳᠬᠦᠨ᠎ᠡ  ᠃   3 . ᠪᠦᠬᠦ ᠰᠢᠶᠠᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ  ᠃ ᠠᠯᠪᠠᠨ ᠴᠡᠷᠢᠭ᠂ ᠴᠡᠷᠢᠭ ᠠᠴᠠ ᠬᠠᠯᠠᠭᠳᠠᠭᠰᠠᠳ  ᠂ ᠴᠡᠷᠢᠭ ᠠᠩᠭᠢ ᠶᠢᠨ ᠪᠢᠴᠢᠭ  ᠤᠨ ᠲᠤᠰᠢᠶᠠᠯᠲᠠᠨ ᠪᠠ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠠᠰᠠᠷᠠᠬᠤ ᠵᠡᠷᠭᠡ ᠠᠵᠢᠯ ᠢ ᠬᠠᠷᠢᠭᠤᠴᠠᠨ᠎ᠠ  ᠃᠃   4 . ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠴᠡᠷᠢᠭ  ᠤᠨ ᠨᠡᠶᠢᠲᠡ ᠶᠢᠨ ᠣᠩᠭᠤᠨ ᠤ ᠬᠠᠮᠢᠶᠠᠷᠤᠯᠲᠠ ᠬᠠᠮᠠᠭᠠᠯᠠᠯᠲᠠ᠂ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ᠂ ᠪᠦᠬᠦ ᠰᠢᠶᠠᠨ ᠤ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠡ ᠳᠤ ᠤᠷᠤᠭᠰᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷ᠎ᠡ ᠶᠢ ᠬᠢᠨᠠᠨ ᠬᠠᠷᠭᠤᠭᠤᠯᠬᠤ  ᠂ ᠴᠡᠷᠢᠭ  ᠠᠴᠠ ᠬᠠᠯᠠᠭᠳᠠᠭᠰᠠᠳ᠂ ᠴᠡᠷᠢᠭ ᠠᠴᠠ ᠬᠠᠯᠠᠭᠳᠠᠭᠰᠠᠳ ᠤᠨ ᠠᠵᠢᠯ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠩᠭᠡᠭᠡᠨ ᠳ᠋ᠦᠩᠨᠡᠵᠦ ᠬᠥᠬᠢᠭᠦᠯᠦᠨ ᠰᠠᠶᠢᠰᠢᠶᠠᠬᠤ ᠵᠡᠷᠭᠡ ᠶᠢ ᠬᠠᠤᠯᠢ ᠶᠤᠰᠤᠭᠠᠷ ᠡᠭᠦᠷᠭᠡᠯᠡᠨ᠎ᠡ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号