ᠲᠦᠴᠢᠦᠸᠠᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 
ᠨᠡᠶᠢᠲᠡᠯᠡᠭᠰᠡᠨ ᠴᠠᠭ᠄
2025/3/5
  ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠬᠠᠢ ᠪᠠᠶᠢᠯᠳᠣᠬᠤ ᠪᠣᠳᠣᠯᠭ᠎ᠠ᠂ ᠴᠢᠭᠯᠡᠯᠲᠡ᠂ ᠲᠥᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠪᠡ ᠪᠠ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠰᠢᠶᠠᠨ ᠤ ᠳᠣᠲᠣᠷ᠎ᠠ ᠭᠠᠳᠠᠨᠠᠬᠢ ᠠᠵᠤ ᠠᠬᠤᠶ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ᠂ ᠦᠨ᠎ᠡ ᠬᠠᠩᠰᠢ ᠶᠢᠨ ᠲᠣᠬᠢᠷᠠᠭᠤᠯᠭ᠎ᠠ ᠡᠵᠡᠮᠰᠢᠯ ᠪᠣᠯᠤᠨ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠪᠣᠯᠤᠨ ᠠᠷᠭ᠎ᠠ ᠬᠡᠮᠵᠢᠶ᠎ᠡ ᠠᠷᠭ᠎ᠠ ᠶᠢ ᠳᠤᠷᠠᠳᠴᠤ᠂ ᠡᠯ᠎ᠡ ᠵᠦᠢᠯ ᠤᠨ ᠠᠵᠤ ᠠᠬᠤᠶ ᠶᠢᠨ ᠠᠷᠭ᠎ᠠ ᠪᠠᠷᠢᠯ ᠪᠣᠯᠤᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠬᠦ ᠰᠠᠨᠠᠭᠤᠯᠭ᠎ᠠ ᠶᠢ ᠳᠤᠷᠠᠳᠬᠤ ᠬᠡᠷᠡᠭᠲᠡᠶ︔ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠳᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠮᠡᠳᠡᠭᠦᠯᠦᠯᠲᠡ ᠳᠡᠪᠰᠢᠭᠦᠯᠪᠡ᠃   ︵ᠬᠤᠶᠠᠷ︶ ᠪᠦᠬᠦ ᠰᠢᠶᠠᠨ ᠤ ᠬᠤᠷᠸ᠎ᠠ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ᠂ ᠲᠥᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠰᠢᠶᠠᠨ ᠤ ᠠᠵᠤ ᠠᠬᠤᠶ ᠶᠢᠨ ᠠᠵᠢᠯᠯᠠᠭᠠᠨ᠂ ᠶᠡᠷᠦᠩᠬᠡᠶ ᠬᠡᠮᠵᠢᠶ᠎ᠡ ᠶᠢᠨ ᠲᠡᠩᠴᠡᠭᠦᠷᠢ᠂ ᠠᠵᠤ ᠠᠬᠤᠶ ᠶᠢᠨ ᠠᠮᠤᠷ ᠲᠦᠪᠰᠢᠨ ᠪᠠ ᠠᠵᠤ ᠦᠢᠯᠡᠰ ᠤᠨ ᠠᠮᠤᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠬᠤ ᠶᠢᠨ ᠬᠠᠮᠲᠤ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠠᠵᠤ ᠠᠬᠤᠶ ᠶᠢᠨ ᠠᠵᠢᠯᠯᠠᠭᠠᠨ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ᠂ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠬᠤ ᠶᠢ ᠬᠠᠷᠢᠭᠤᠴᠠᠵᠤ᠂ ᠴᠢᠬᠤᠯᠠ ᠡᠳ᠋ ᠪᠠᠷᠠᠭ᠎ᠠ ᠶᠢ ᠪᠠᠴᠢᠮ ᠲᠣᠬᠢᠷᠠᠭᠤᠯᠬᠤ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠵᠣᠬᠢᠴᠠᠭᠤᠯᠭ᠎ᠠ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃   ︵ᠭᠤᠷᠪᠠ︶ ᠪᠦᠬᠦ ᠰᠢᠶᠠᠨ ᠤ ᠡᠳ᠋ ᠤᠨ ᠵᠠᠰᠠᠭ᠂ ᠮᠥᠩᠭᠦᠨ ᠭᠦᠢᠯᠭᠡᠭᠡᠨ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ ᠵᠠᠳᠠᠯᠬᠤ ᠶᠢ ᠬᠠᠷᠢᠭᠤᠴᠠᠨ᠎ᠠ︔ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠵᠠᠳᠠᠯᠤᠨ᠎ᠠ︔ ᠪᠦᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃    ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠤᠨ᠎ᠠ︔ ᠰᠢᠶᠠᠨ ᠤ ᠬᠠᠮᠢᠶᠠᠷᠴᠤ ᠪᠠᠶᠢᠭ᠎ᠠ ᠲᠠᠸᠠᠷ ᠤᠨ ᠦᠢᠯᠡᠴᠢᠯᠡᠭᠡ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ ᠲᠣᠬᠢᠷᠠᠭᠤᠯᠤᠨ᠎ᠠ︔ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠪᠦᠬᠦ ᠰᠢᠶᠠᠨ ᠤ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠨ ᠦᠨ᠎ᠡ ᠬᠠᠩᠰᠢ ᠶᠢ ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠵᠡᠷᠭᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃   ︵ᠲᠠᠪᠤ︶ ᠪᠦᠬᠦ ᠰᠢᠶᠠᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠶᠡᠷᠦᠩᠬᠡᠶᠢᠯᠡᠭᠰᠡᠨ ᠴᠢᠨᠠᠷᠲᠠᠢ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠬᠤᠯᠪᠣᠭᠳᠠᠯ ᠪᠦᠬᠦᠢ ᠲᠤᠰᠬᠠᠢ ᠵᠦᠢᠯ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠵᠦᠢᠯ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠭᠤᠷᠣᠨᠳᠣᠬᠢ ᠠᠪᠴᠠᠯᠳᠤᠯ ᠢ ᠰᠠᠶᠢᠲᠤᠷ ᠬᠢᠨ᠎ᠡ︔ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠵᠢᠯᠣᠭᠤᠳᠤᠨ᠎ᠠ᠃   ︵ᠵᠢᠷᠭᠤᠭ᠎ᠠ︶ ᠪᠦᠬᠦ ᠰᠢᠶᠠᠨ ᠤ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠣᠯᠤᠨ ᠪᠡᠯᠡ ᠣᠷᠣᠭᠤᠯᠤᠯᠲᠠ ᠶᠢᠨ ᠪᠦᠲᠦᠴᠡ ᠶᠢᠨ ᠲᠣᠬᠢᠷᠠᠭᠤᠯᠭ᠎ᠠ ᠡᠵᠡᠮᠰᠢᠯ ᠤᠨ ᠬᠠᠷᠠᠯᠲᠠ᠂ ᠲᠥᠷᠥ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ ᠲᠣᠭᠲᠠᠭᠠᠵᠤ᠂ ᠵᠣᠯᠭᠠᠯᠳᠤᠭᠤᠯᠤᠨ ᠲᠡᠩᠴᠡᠭᠦᠯᠬᠦ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠬᠤ ᠲᠤᠰᠬᠠᠶ ᠵᠦᠢᠯ ᠤᠨ ᠲᠥᠯᠥᠪᠵᠢᠭᠦᠯᠭᠡ ᠶᠢ ᠲᠣᠬᠢᠷᠠᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠠᠴᠠ ᠬᠢᠨᠠᠨ ᠵᠥᠪᠰᠢᠶᠡᠷᠡᠭᠰᠡᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠵᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠭᠠᠳᠠᠭᠠᠳᠤ ᠳᠤ ᠬᠤᠯᠪᠣᠭᠳᠠᠬᠤ ᠲᠥᠷᠥᠯ ᠵᠦᠢᠯ ᠪᠣᠯᠤᠨ ᠭᠠᠳᠠᠭᠠᠳᠤ ᠭᠤᠪᠢᠭᠤᠯᠭ᠎ᠠ ᠶᠢ ᠶᠡᠭᠡ ᠲᠤᠭ᠎ᠠ ᠪᠠᠷ ᠬᠡᠷᠡᠭᠯᠡᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠵᠤ᠂ ᠳᠠᠩᠰᠠᠯᠠᠭᠤᠯᠤᠨ᠎ᠠ︔ ᠪᠦᠬᠦ ᠰᠢᠶᠠᠨ ᠤ ᠭᠠᠳᠠᠭᠠᠳᠤ ᠵᠢᠭᠡᠯᠡᠯᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ᠂ ᠠᠷᠠᠳ ᠤᠨ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠴᠢᠭᠯᠡᠯ ᠢ ᠵᠢᠯᠣᠭᠤᠳᠤᠨ ᠬᠢᠨᠠᠯᠲᠠ ᠲᠠᠯᠪᠢᠵᠤ᠂ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠯᠬᠦ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠢᠨᠵᠧᠨᠧᠷᠢᠩ ᠤᠨ ᠯᠠᠪᠯᠠᠭ᠎ᠠ ᠶᠢᠨ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃   ︵ᠳᠣᠯᠤᠭ᠎ᠠ︶ ᠪᠦᠬᠦ ᠰᠢᠶᠠᠨ ᠤ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ︔ ᠪᠦᠬᠦ ᠰᠢᠶᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠲᠣᠬᠢᠷᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠯᠭᠠᠯᠳᠤᠭᠤᠯᠤᠨ ᠲᠡᠩᠴᠡᠭᠦᠯᠬᠦ ᠶᠢ ᠬᠠᠷᠢᠭᠤᠴᠠᠵᠤ᠂ ᠰᠢᠶᠠᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠯᠦᠭᠡ ᠵᠣᠯᠭᠠᠯᠳᠤᠭᠤᠯᠤᠨ ᠲᠡᠩᠴᠡᠭᠦᠯᠬᠦ ᠶᠢ ᠰᠠᠶᠢᠲᠤᠷ ᠬᠢᠨ᠎ᠡ︔ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠣᠬᠢᠴᠠᠭᠤᠯᠬᠤ ᠴᠢᠬᠤᠯᠠ ᠶᠡᠭᠡ ᠠᠰᠠᠭᠤᠳᠠᠯ︔ ᠪᠦᠬᠦ ᠰᠢᠶᠠᠨ ᠤ ᠦᠢᠯᠡᠴᠢᠯᠡᠭᠡᠨ ᠤ ᠦᠢᠯᠡᠰ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠪᠦᠬᠦ ᠰᠢᠶᠠᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ᠂ ᠠᠵᠤ ᠦᠢᠯᠡᠰ ᠤᠨ ᠮᠡᠷᠭᠡᠵᠢᠯ ᠤᠨ ᠳᠠᠪᠰᠢᠯᠲᠠ᠂ ᠠᠵᠤ ᠦᠢᠯᠡᠰ ᠤᠨ ᠳᠡᠰ ᠳᠡᠪᠰᠢᠬᠦ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃    ︵ᠨᠠᠢᠮᠠ︶ ᠣᠷᠣᠨ᠂ ᠠᠶᠢᠮᠠᠭ ᠤᠨ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠯᠦᠭᠡ ᠵᠣᠯᠭᠠᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠬᠦ ᠪᠠ ᠬᠢᠨᠠᠨ ᠬᠡᠮᠵᠢᠵᠦ ᠦᠨᠡᠯᠡᠨ ᠵᠢᠱᠢᠬᠦ ᠬᠠᠷᠢᠭᠤᠴᠠᠯᠭ᠎ᠠ ᠶᠢ ᠰᠠᠶᠢᠲᠤᠷ ᠬᠢᠬᠦ ᠬᠡᠷᠡᠭᠲᠡᠶ︔ ᠪᠦᠬᠦ ᠰᠢᠶᠠᠨ ᠤ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠵᠢᠴᠢ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠬᠦ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠬᠤᠲᠠ ᠪᠠᠯᠭᠠᠰᠤᠵᠢᠯᠠᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠭᠠᠵᠠᠷ ᠣᠷᠣᠨ ᠤ ᠠᠵᠤ ᠠᠬᠤᠶ ᠶᠢᠨ ᠬᠠᠮᠵᠢᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠪᠦᠬᠦ ᠰᠢᠶᠠᠨ ᠤ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃    ︵ᠶᠢᠰᠦ︶ ᠪᠦᠬᠦ ᠰᠢᠶᠠᠨ ᠤ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠯᠬᠦ ᠪᠠ ᠲᠣᠬᠢᠷᠠᠭᠤᠯᠤᠨ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ᠂ ᠠᠵᠤ ᠦᠢᠯᠡᠳᠪᠦᠷᠢ ᠶᠢᠨ ᠦᠢᠯᠡᠳᠬᠦᠨ ᠪᠣᠯᠤᠨ ᠲᠦᠭᠦᠬᠡᠶ ᠮᠠᠲ᠋ᠧᠷᠢᠶᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ ᠲᠥᠯᠥᠪᠯᠡᠭᠡ ᠳᠤ ᠲᠣᠬᠢᠷᠠᠭᠤᠯᠤᠯᠲᠠ ᠬᠢᠵᠦ᠂ ᠪᠠᠶᠢᠯᠳᠤᠬᠤ ᠪᠣᠳᠣᠯᠭ᠎ᠠ ᠶᠢᠨ ᠡᠳ ᠪᠠᠷᠠᠭ᠎ᠠ ᠨᠥᠭᠡᠴᠡᠯᠡᠬᠦ ᠲᠥᠯᠥᠪᠵᠢᠭᠦᠯᠭᠡ ᠶᠢ ᠲᠣᠭᠲᠠᠭᠠᠵᠤ᠂ ᠪᠦᠬᠦ ᠰᠢᠶᠠᠨ ᠤ ᠪᠠᠶᠢᠯᠳᠤᠬᠤ ᠪᠣᠳᠣᠯᠭ᠎ᠠ ᠶᠢᠨ ᠡᠳ᠋ ᠪᠠᠷᠠᠭ᠎ᠠ ᠬᠤᠷᠢᠶᠠᠨ ᠬᠠᠳᠠᠭᠠᠯᠠᠬᠤ᠂ ᠬᠥᠳᠡᠯᠭᠡᠨ ᠬᠡᠷᠡᠭᠯᠡᠬᠦ᠂ ᠡᠭᠡᠯᠵᠢᠯᠡᠭᠦᠯᠬᠦ ᠪᠠ ᠬᠠᠮᠢᠶᠠᠷᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃    ︵ᠠᠷᠪᠠ︶ ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠵᠣᠯᠭᠠᠯᠲᠠ ᠶᠢ ᠬᠠᠷᠢᠭᠤᠴᠠᠵᠤ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ  ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ︔ ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠠᠷᠭ᠎ᠠ ᠶᠢ ᠲᠤᠭᠤᠷᠪᠢᠬᠤ ᠳᠤ ᠣᠷᠣᠯᠴᠠᠵᠤ ᠂ ᠪᠦᠬᠦ ᠰᠢᠶᠠᠨ ᠤ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠤᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠲᠡᠭᠦᠯᠳᠡᠷᠵᠢᠭᠦᠯᠬᠦ ᠲᠦᠷᠦ ᠶᠢᠨ ᠪᠤᠳᠤᠯᠭ᠎ᠠ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠨᠡᠶᠢᠭᠡᠮ ᠤᠨ ᠦᠢᠯᠡᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃     ︵ᠠᠷᠪᠠᠨ ᠨᠢᠭᠡ︶ ᠪᠦᠬᠦ ᠰᠢᠶᠠᠨ ᠤ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠪᠦᠬᠦ ᠰᠢᠶᠠᠨ ᠤ ᠣᠷᠴᠢᠯ ᠠᠵᠤ ᠠᠬᠤᠶ ᠶᠢ ᠬᠥᠭᠵᠢᠭᠦᠯᠬᠦ᠂ ᠪᠦᠬᠦ ᠨᠡᠶᠢᠭᠡᠮ ᠤᠨ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠂ ᠪᠦᠬᠦ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠣᠯᠤᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃    ︵ᠠᠷᠪᠠᠨ ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃    ︵ᠠᠷᠪᠠᠨ ᠭᠤᠷᠪᠠ︶ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠭᠠᠳᠠᠭᠠᠳᠤ ᠨᠡᠭᠡᠭᠡᠯᠲᠡ ᠶᠢᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠥᠰᠦᠯ ᠵᠢᠴᠢ ᠪᠤᠰᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ︔ ᠲᠣᠭᠲᠠᠭᠠᠯ ᠶᠣᠰᠣᠭᠠᠷ ᠪᠦᠬᠦ ᠰᠢᠶᠠᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠᠨ ᠳᠥᠷᠪᠡ︶ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶ᠎ᠠ ᠪᠦᠬᠦᠢ ᠠᠵᠢᠯ ᠲᠥᠷᠥᠯ ᠪᠣᠯᠤᠨ ᠣᠷᠣᠨ ᠨᠤᠲᠤᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ︔ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠤᠭᠰᠠᠨ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠲᠠᠪᠤ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠤᠰᠢᠶᠠᠨ ᠭᠦᠶ᠋ᠴᠡᠳᠬᠡᠯᠭᠡᠬᠦ ᠪᠤᠰᠤᠳ ᠵᠦᠶ᠋ᠯᠡᠰ ᠢ ᠳᠠᠭᠠᠭᠠᠨ ᠭᠦᠶ᠋ᠴᠡᠳᠬᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号