ᠨᠡᠮᠡᠯᠲᠡ ᠪᠣᠷᠳᠣᠭᠤᠷ ᠤᠨ ᠦᠢᠯᠡᠳᠦᠯ | ᠲᠡᠵᠢᠭᠡᠯ ᠡᠪᠡᠰᠦᠨ ᠤ ᠬᠡᠷᠡᠭᠴᠡᠭᠡ ᠶᠢ ᠦᠨᠳᠦᠰᠦᠯᠡᠵᠦ᠂ ᠲᠡᠵᠢᠭᠡᠯ ᠡᠪᠡᠰᠦᠨ ᠤ ᠥᠰᠦᠯᠲᠡ ᠪᠤᠶᠢᠵᠢᠯᠲᠠ ᠶᠢᠨ | ᠬᠤᠭᠤᠴᠠᠭᠠᠨ ᠳᠤ ᠨᠡᠮᠡᠵᠦ ᠣᠷᠣᠭᠤᠯᠤᠭᠰᠠᠨ ᠪᠣᠷᠳᠣᠭᠤᠷ ᠢ ᠨᠡᠮᠡᠯᠲᠡ ᠪᠣᠷᠳᠣᠭᠤᠷ ᠭᠡᠳᠡᠭ᠃ ᠡᠭᠦᠨ ᠤ ᠵᠣᠷᠢᠯᠭ᠎ᠠ ᠨᠢ | ᠲᠡᠵᠢᠭᠡᠯ ᠡᠪᠡᠰᠦᠨ ᠤ ᠦᠷᠡᠵᠢᠯ ᠤᠨ ᠬᠤᠭᠤᠴᠠᠭᠠᠨ ᠳᠠᠬᠢ ᠬᠡᠷᠡᠭᠰᠡᠬᠦ ᠰᠢᠮ᠎ᠡ ᠲᠡᠵᠢᠭᠡᠯ ᠢ ᠴᠠᠭ ᠲᠤᠬᠠᠢ ᠳᠤᠨᠢ | ᠬᠠᠩᠭᠠᠵᠤ᠂ ᠥᠰᠦᠯᠲᠡ ᠪᠤᠶᠢᠵᠢᠯᠲᠠ ᠶᠢ ᠠᠬᠢᠭᠤᠯᠤᠨ᠂ ᠥᠨᠳᠥᠷ ᠤᠨᠠᠯᠲᠠ ᠲᠠᠢ ᠴᠢᠨᠠᠷ ᠰᠠᠶᠢᠲᠠᠢ ᠪᠣᠯᠭᠠᠬᠤ ᠶᠢᠨ | ᠲᠥᠯᠥᠭᠡ ᠶᠤᠮ᠃ | ᠪᠣᠷᠳᠣᠭᠤᠷ ᠨᠡᠮᠡᠬᠦ ᠠᠷᠭ᠎ᠠ | ᠨᠡᠮᠡᠯᠲᠡ ᠪᠣᠷᠳᠣᠭᠤᠷ ᠬᠢᠬᠦ ᠳᠤ ᠭᠤᠣᠯᠳᠠᠭᠤ ᠣᠷᠭᠠᠨᠢᠭ ᠪᠤᠰᠤ ᠲᠦᠷᠭᠡᠨ ᠦᠢᠯᠡᠳᠦᠯᠳᠦ ᠪᠣᠷᠳᠣᠭᠤᠷ | ᠬᠡᠷᠡᠭᠯᠡᠳᠡᠭ᠃ ᠡᠭᠦᠨ ᠳᠤ ᠰᠠᠴᠤᠬᠤ᠂ ᠵᠤᠷᠪᠤᠰᠯᠠᠨ ᠣᠷᠤᠭᠤᠯᠬᠤ᠂ ᠨᠦᠬᠡᠯᠡᠨ ᠣᠷᠣᠭᠤᠯᠬᠤ ᠪᠠ | ᠦᠨᠳᠦᠰᠦᠨ ᠠᠴᠠ ᠨᠢ ᠪᠣᠷᠳᠣᠬᠤ ᠵᠡᠷᠭᠡ ᠠᠷᠭ᠎ᠠ ᠪᠠᠶᠢᠳᠠᠭ᠃ ᠪᠣᠷᠳᠣᠭᠤᠷ ᠨᠡᠮᠡᠬᠦ ᠳᠡᠭᠡᠨ ᠲᠡᠵᠢᠭᠡᠯ ᠡᠪᠡᠰᠦᠨ ᠤ | ᠤᠷᠭᠤᠯᠲᠠ ᠶᠢᠨ ᠪᠠᠶᠢᠳᠠᠯ ᠪᠠ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠬᠤᠪᠢᠷᠠᠯᠲᠠ᠂ ᠪᠣᠷᠣᠭᠠᠨ ᠤ | ᠬᠡᠮᠵᠢᠶ᠎ᠡ ᠵᠡᠷᠭᠡ ᠪᠣᠳᠠᠲᠠᠢ ᠨᠥᠬᠦᠴᠡᠯ ᠢ ᠦᠨᠳᠦᠰᠦᠯᠡᠨ᠂ ᠪᠣᠷᠳᠣᠭᠤᠷ ᠨᠡᠮᠡᠬᠦ ᠲᠥᠷᠥᠯ ᠵᠦᠢᠯ ᠪᠠ ᠬᠡᠷᠡᠭᠯᠡᠬᠦ | ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠪᠣᠷᠳᠣᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠵᠢᠭᠡᠯ | ᠡᠪᠡᠰᠦ ᠶᠢ ᠪᠦᠷᠢᠯᠭᠡᠨ ᠰᠦᠢᠳᠬᠡᠬᠦ ᠪᠠ ᠬᠤᠣᠷᠳᠠᠭᠤᠯᠬᠤ ᠠᠴᠠ ᠰᠡᠷᠭᠡᠶᠢᠯᠡᠬᠦ ᠬᠡᠷᠡᠭᠲᠡᠢ᠃ |