ᠲᠦᠴᠢᠦᠸᠠᠨ ᠰᠢᠶᠠᠨ ᠪᠥᠬᠦ ᠰᠢᠶᠠᠨ ᠤ ᠰᠤᠷᠭᠠᠭᠤᠯᠢ ᠶᠢᠨ ᠬᠦᠷᠢᠶᠡᠨ ᠳᠠᠬᠢ ᠡᠪ ᠬᠠᠮᠲᠤ ᠵᠠᠯᠠᠭᠤᠴᠤᠳ ᠤᠨ ᠡᠪᠯᠡᠯ ᠤᠨ ᠰᠤᠳᠤᠯᠤᠨ ᠰᠤᠷᠤᠯᠴᠠᠬᠤ ᠠᠵᠢᠯ ᠢ ᠵᠣᠯᠭᠠᠭᠤᠯᠤᠨ ᠰᠣᠯᠢᠯᠴᠠᠭᠤᠯᠵᠤ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/6
   3 ᠰᠠᠷ᠎ᠠ ᠶᠢᠨ 4 ᠤ ᠡᠳᠦᠷ᠂ ᠪᠥᠬᠦ ᠰᠢᠶᠠᠨ ᠤ ᠰᠣᠶᠣᠯ ᠵᠢᠭᠤᠯᠴᠢᠯᠠᠯ ᠤᠨ ᠦᠶᠯᠡᠰ ᠬᠢᠭᠡᠳ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠬᠥᠮᠦᠵᠢᠯ ᠦᠶᠯᠡᠳᠦᠯᠭᠡ ᠶᠢᠨ ᠭᠦᠨᠵᠡᠭᠡᠶ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠵᠤ᠂ ᠰᠢᠶᠠᠨ ᠤ ᠬᠡᠪᠴᠢᠶᠡᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠦᠶᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠲᠦᠴᠢᠦᠸᠠᠨ ᠰᠢᠶᠠᠨ ︽ᠵᠠᠯᠠᠭᠤᠴᠤᠳ ᠪᠠᠭᠠᠴᠤᠳ ᠬᠦᠴᠦᠨ ᠢ ᠨᠢᠭᠲᠠᠷᠠᠭᠤᠯᠵᠤ ᠰᠣᠶᠣᠯ ᠵᠢᠭᠤᠯᠴᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ︾ ᠪᠥᠬᠦ ᠰᠢᠶᠠᠨ ᠤ ᠰᠤᠷᠭᠠᠭᠤᠯᠢ ᠶᠢᠨ ᠬᠦᠷᠢᠶᠡᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠰᠤᠳᠤᠯᠤᠨ ᠰᠤᠷᠤᠯᠴᠠᠬᠤ ᠠᠵᠢᠯ ᠢ ᠵᠣᠯᠭᠠᠭᠤᠯᠤᠨ ᠰᠣᠯᠢᠯᠴᠠᠭᠤᠯᠵᠤ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠳᠡᠭᠡᠷ᠎ᠡ᠂ ᠠᠵᠢᠯᠲᠠᠳ ᠰᠢᠶᠠᠨ ᠤ ᠬᠡᠪᠴᠢᠶᠡᠨ ᠤ ᠰᠤᠳᠤᠯᠤᠨ ᠰᠤᠷᠤᠯᠴᠠᠬᠤ ᠣᠷᠣᠨ ᠪᠠᠶᠢᠷᠢ ᠶᠢ ᠨᠠᠷᠢᠨ ᠲᠠᠶᠢᠯᠪᠤᠷᠢᠯᠠᠵᠤ᠂ ᠰᠢᠨ᠎ᠡ ᠪᠠᠷ ᠨᠡᠮᠡᠭᠳᠡᠭᠰᠡᠨ 5 ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ  ᠶᠢᠨ ᠭᠠᠳᠠᠨᠠᠬᠢ ᠦᠶᠯᠡᠳᠦᠯᠭᠡ ᠶᠢᠨ ᠬᠥᠮᠦᠵᠢᠯ ᠤᠨ ᠰᠠᠭᠤᠷᠢᠨ ᠳᠤ ᠫᠠᠶᠢᠰᠠ ᠣᠯᠭᠤᠭᠰᠠᠨ ᠪᠥᠭᠡᠳ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠳᠠᠷᠠᠭ᠎ᠠ ᠨᠢ ᠬᠤᠷᠠᠯ ᠳᠤ ᠣᠷᠣᠯᠴᠠᠭᠰᠠᠳ ᠪᠠᠰᠠ ᠬᠤᠪᠢᠰᠬᠠᠯ ᠤᠨ ᠰᠣᠶᠣᠯ ᠤᠨ ᠬᠥᠮᠦᠵᠢᠯ ᠤᠨ ᠰᠠᠭᠤᠷᠢᠨ᠂ ᠲᠦᠴᠢᠦᠸᠠᠨ ᠰᠢᠶᠠᠨ ᠤ ᠰᠠᠶᠢᠨᠬᠤᠸᠠᠷ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
   ︽ᠥᠨᠥᠳᠦᠷ ᠬᠤᠶᠠᠳᠤᠭᠠᠷ ᠳᠤᠮᠳᠠᠳᠤ ᠰᠤᠷᠭᠠᠭᠤᠯᠢ ᠪᠣᠯᠤᠨ ᠰᠢᠶᠠᠨ ᠤ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ ᠤᠨ ᠰᠠᠭᠤᠷᠢᠨ ᠵᠢᠩᠬᠢᠨᠢ ᠪᠠᠷ ᠭᠡᠷ᠎ᠡ ᠲᠣᠭᠲᠠᠵᠤ᠂ ᠰᠤᠷᠭᠠᠭᠤᠯᠢ ᠨᠢ ᠲᠣᠰ ᠤᠳᠠᠭᠠᠨ ᠤ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠰᠠᠭᠤᠷᠢᠨ ᠤ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ ᠠᠰᠢᠭᠯᠠᠨ᠂ ᠣᠯᠠᠨ ᠶᠠᠩᠵᠤ ᠬᠡᠯᠪᠡᠷᠢ ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ  ᠲᠤ ᠦᠶᠯᠡᠳᠦᠯᠭᠡ ᠶᠢᠨ ᠳᠤᠮᠳᠠ ᠬᠤᠪᠢᠰᠬᠠᠯ ᠤᠨ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ ᠪᠠ ᠥᠷᠲᠡᠭ ᠤᠨ ᠦᠵᠡᠯᠲᠡ ᠶᠢ ᠪᠣᠶ ᠪᠣᠯᠭᠠᠨ᠎ᠠ᠃︾ ᠭᠡᠵᠦ ᠲᠦᠴᠢᠦᠸᠠᠨ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠱᠦᠵᠢ ᠯᠢ ᠨᠠ ᠬᠡᠯᠡᠪᠡ᠃
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠰᠣᠶᠣᠯ ᠤᠨ ᠡᠬᠢ ᠪᠠᠶᠠᠯᠢᠭ ᠲᠠᠭᠠᠨ ᠲᠦᠰᠢᠭᠯᠡᠵᠦ᠂ ᠰᠣᠶᠣᠯ  ᠢ ᠠᠭᠤᠳᠠᠯᠤᠨ ᠤᠯᠠᠮᠵᠢᠯᠠᠬᠤ ᠶᠢ ᠴᠢᠬᠤᠯᠠᠴᠢᠯᠠᠵᠤ᠂ ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠠᠴᠢᠶᠠᠯᠠᠪᠤᠷᠢ ᠪᠣᠯᠤᠨ ᠠᠷᠭ᠎ᠠ ᠬᠡᠯᠪᠡᠷᠢ ᠶᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢᠶᠠᠷ ᠰᠤᠷᠤᠭᠴᠢᠳ ᠤᠨ ᠤᠶᠤᠨ ᠰᠠᠨᠠᠭ᠎ᠠ ᠶᠢ ᠤᠮᠳᠠᠯᠠᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠪᠡ᠃
   ︽ᠥᠨᠥᠳᠦᠷ ᠤᠨ ᠭᠡᠷ᠎ᠡ ᠲᠣᠭᠲᠠᠬᠤ ᠠᠵᠢᠯᠯᠠᠭ᠎ᠠ ᠪᠣᠯ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠠᠵᠢᠯ ᠤᠨ ᠨᠢᠭᠡ ᠤᠳᠠᠭ᠎ᠠ ᠶᠢᠨ ᠰᠢᠨ᠎ᠡ ᠠᠯᠬᠤᠭ᠎ᠠ ᠪᠣᠯᠬᠤ ᠪᠥᠭᠡᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ‍ ᠨᠢᠭᠡ ᠤᠳᠠᠭ᠎ᠠ ᠶᠢᠨ ᠴᠢᠬᠤᠯᠠ ᠰᠦᠪᠡᠭᠴᠢᠯᠡᠯ ᠪᠣᠯᠤᠨ᠎ᠠ᠃ ᠵᠠᠯᠭᠠᠭᠠᠳ᠂ ᠪᠢᠳᠠ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠠᠯᠠᠭᠤᠴᠤᠳ ᠤᠨ ᠬᠦᠴᠦᠨ ᠴᠢᠳᠠᠯ ᠢ ᠴᠢᠨᠠᠭᠰᠢᠳᠠ ᠲᠥᠪᠯᠡᠷᠡᠭᠦᠯᠵᠦ᠂ ᠵᠠᠯᠠᠭᠤᠴᠤᠳ ᠪᠠᠭᠠᠴᠤᠳ ᠤᠨ ᠨᠤᠲᠤᠭ ᠤᠰᠤ ᠪᠠᠨ ᠬᠠᠶᠢᠷᠠᠯᠠᠬᠤ᠂ ᠲᠡᠦᠬᠡ ᠪᠠᠨ ᠬᠠᠶᠢᠷᠠᠯᠠᠬᠤ᠂ ᠰᠣᠶᠣᠯ ᠢᠶᠠᠨ ᠬᠠᠶᠢᠷᠠᠯᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ  ᠶᠢ ᠥᠷᠭᠡᠨ ᠢᠶᠠᠷ ᠨᠢᠭᠲᠠᠷᠠᠭᠤᠯᠤᠨ᠎ᠠ᠃︾ ᠭᠡᠵᠦ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠶᠠᠨ ᠤ ᠬᠤᠷᠢᠶᠠᠨ  ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠡᠯᠲᠡᠰ ᠤᠨ ᠳᠠᠷᠤᠭ᠎ᠠ ᠸᠠᠩ ᠲᠢᠩ ᠲᠢᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号