ᠱᠤ᠋ ᠭᠤᠸᠠᠩ ᠬᠦᠷᠢᠶᠡᠯᠡᠩ ᠲᠣᠭᠤᠷᠢᠭ ︽ᠭᠤᠷᠪᠠᠨ ᠠᠷᠭ᠎ᠠ ᠠᠪᠴᠠᠯ︾ ᠪᠠᠷ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2025/3/7
   ᠬᠠᠪᠤᠷ ᠠᠴᠠ ᠨᠠᠰᠢ᠂ ᠠᠭᠤᠷ ᠠᠮᠢᠰᠬᠤᠯ ᠭᠠᠩ ᠬᠠᠭᠤᠷᠠᠶ᠂ ᠭᠠᠯ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠶ ᠪᠠᠶᠢᠨ᠎ᠠ᠃ ᠱᠤ᠋ ᠭᠤᠸᠠᠩ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢᠮᠠᠭᠲᠠ ︽ᠴᠢᠩᠭ᠎ᠠ ᠪᠠᠶᠢᠬᠤ  ᠶᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠵᠤ᠂ ᠪᠦᠬᠦ ᠲᠠᠯ᠎ᠠ ᠪᠠᠷ᠂ ᠤᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠠᠬᠢᠭᠤᠯᠵᠤ᠂ ︽ᠬᠠᠷᠢᠭᠤᠴᠠᠯᠭ᠎ᠠ ᠴᠢᠩᠭ᠎ᠠ ᠪᠣᠳᠠᠲᠠᠢ᠂ ᠲᠣᠭᠤᠷᠢᠨ ᠪᠠᠶᠢᠴᠠᠭᠠᠬᠤ ᠨᠢ ᠨᠢᠭᠲᠠ ᠴᠢᠩᠭ᠎ᠠ᠂ ᠬᠢᠨᠠᠯᠲᠠ ᠲᠠᠯᠪᠢᠬᠤ ᠨᠢ ᠴᠢᠩᠭ᠎ᠠ᠂ ᠪᠠᠲᠤᠯᠠᠬᠤ ᠨᠢ ᠴᠢᠩᠭ᠎ᠠ︾ ᠲᠦᠢᠮᠡᠷ ᠢ ᠰᠡᠷᠭᠡᠶᠢᠯᠡᠨ ᠤᠨᠲᠠᠷᠠᠭᠠᠬᠤ ᠰᠢᠰᠲ᠋ᠧᠮ ᠢ ᠪᠠᠶᠢᠭᠤᠯᠬᠤ ᠪᠠᠷ ᠳᠠᠮᠵᠢᠨ᠂ ᠬᠦᠷᠢᠶᠡᠯᠡᠩ ᠲᠣᠭᠤᠷᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠪᠠᠲᠤ ᠴᠣᠭᠴᠠᠯᠠᠪᠠ᠃
   ᠨᠠᠷᠢᠨ ᠨᠢᠮᠪᠠᠶ ᠲᠤᠬᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠎ᠠ᠃ ᠬᠦᠷᠢᠶᠡᠯᠡᠩ ᠲᠣᠭᠤᠷᠢᠭ ᠨᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠲᠣᠳᠣᠷᠬᠠᠶᠢᠯᠠᠨ᠂ ᠠᠵᠢᠯ ᠤᠨ ᠨᠠᠷᠢᠨ ᠲᠥᠰᠦᠯ ᠲᠣᠭᠲᠠᠭᠠᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠷᠢᠯᠢᠭᠵᠢᠭᠤᠯᠤᠨ᠂ ᠡᠭᠦᠷᠭᠡ ᠨᠢᠭᠡᠪᠦᠷᠢ ᠶᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢ ᠬᠥᠮᠦᠨ ᠨᠢᠭᠡᠪᠦᠷᠢ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢᠶᠠᠷ ᠲᠦᠷᠦᠭᠦᠯᠡᠭᠦᠯᠦᠭᠰᠡᠨ᠂ ᠬᠦᠷᠢᠶᠡᠯᠡᠩ ᠲᠣᠭᠤᠷᠢᠭ  ᠤᠨ ᠡᠯ᠎ᠡ ᠠᠵᠤ ᠠᠬᠤᠶᠢᠯᠠᠯ ᠬᠠᠮᠵᠢᠯᠴᠠᠨ ᠣᠷᠣᠯᠴᠠᠭᠰᠠᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢ ᠪᠠᠶᠢᠭᠤᠯᠵᠤ᠂ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠣᠯᠤᠨ ᠡᠭᠦᠷᠭᠡ ᠶᠢ ᠲᠣᠳᠣᠷᠬᠠᠶᠢᠯᠠᠨ᠂ ᠭᠠᠯ ᠤᠨᠲᠠᠷᠠᠭᠠᠬᠤ ᠬᠡᠷᠡᠭᠰᠡᠯ ᠢ ᠭᠦᠢᠴᠡᠳ ᠲᠣᠬᠢᠷᠠᠭᠤᠯᠬᠤ ᠶᠢᠨ ᠬᠠᠮᠲᠤ ᠲᠥᠬᠦᠭᠡᠷᠦᠮᠵᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠡᠵᠢᠶ᠎ᠡ ᠴᠦ ᠬᠡᠷᠡᠭᠯᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ ᠣᠷᠣᠨ ᠪᠦᠰᠡ᠂ ᠨᠣᠴᠣᠮᠠᠲᠠᠭᠠᠶ ᠳᠡᠯᠪᠡᠷᠡᠮᠡᠲᠡᠭᠡᠶ ᠭᠠᠵᠠᠷ ᠲᠠᠯᠠᠪᠤᠷ ᠢ ᠲᠣᠭᠤᠷᠢᠨ ᠪᠠᠶᠢᠴᠠᠭᠠᠬᠤ ᠳᠠᠪᠲᠠᠮᠵᠢ ᠤᠳᠠᠭ᠎ᠠ ᠪᠠᠨ ᠴᠢᠩᠬᠠᠳᠬᠠᠵᠤ᠂ ᠳᠠᠯᠳᠠ ᠭᠡᠮ ᠢ ᠡᠷᠲᠡ ᠣᠯᠵᠤ ᠮᠡᠳᠡᠬᠦ᠂ ᠡᠷᠲᠡ ᠰᠢᠶᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃    ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠭᠠᠯ ᠤᠨ ᠠᠶᠤᠯ ᠤᠨ ᠳᠠᠯᠳᠠ ᠭᠡᠮ ᠢ ᠬᠤᠷᠢᠭᠯᠠᠨ᠎ᠠ᠃ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠲᠤᠶᠢᠯ ᠤᠨ ᠴᠠᠭ ᠠᠭᠤᠷ ᠤᠨ ᠵᠢᠵᠢᠭᠦᠷᠯᠡᠨ ᠰᠠᠬᠢᠬᠤ ᠲᠣᠭᠲᠠᠴᠠ ᠶᠢ ᠡᠬᠢᠯᠡᠭᠦᠯᠵᠦ᠂ ᠢᠯᠠᠩᠭᠤᠶ᠎ᠠ ᠬᠠᠭᠤᠷᠠᠶ᠂ ᠶᠡᠭᠡ ᠰᠠᠯᠬᠢ ᠵᠡᠷᠭᠡ ᠭᠠᠯ ᠤᠨ ᠠᠶᠤᠯ ᠣᠯᠠᠨ ᠭᠠᠷᠳᠠᠭ ᠴᠠᠭ ᠠᠭᠤᠷ ᠲᠤ ᠪᠦᠬᠦᠯᠢ ᠡᠳᠦᠷ  ᠢᠶᠠᠷ ᠵᠢᠵᠢᠭᠦᠷᠯᠡᠨ ᠰᠠᠬᠢᠬᠤ ᠶᠢ ᠦᠨᠡᠨᠬᠦ ᠪᠠᠲᠤᠯᠠᠵᠤ᠂ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠪᠤᠰᠢᠭᠤ ᠰᠢᠶᠳᠪᠦᠷᠢᠯᠡᠬᠦ ᠬᠡᠷᠡᠭᠲᠡᠶ᠃ ᠡᠭᠦᠨ ᠤ ᠬᠠᠮᠲᠤ᠂ ᠭᠠᠯ ᠤᠨ ᠠᠶᠤᠯ ᠤᠨ ᠳᠠᠯᠳᠠ ᠭᠡᠮ ᠤᠨ ᠡᠬᠡ ᠳᠠᠩᠰᠠ ᠪᠠᠶᠢᠭᠤᠯᠵᠤ᠂ ᠣᠯᠵᠤ ᠮᠡᠳᠡᠭᠰᠡᠨ ᠳᠠᠯᠳᠠ ᠭᠡᠮ ᠢ ᠳᠠᠩᠰᠠᠯᠠᠨ ᠲᠡᠮᠳᠡᠭᠯᠡᠵᠦ᠂ ᠮᠥᠷᠳᠡᠬᠦ ᠪᠠ ᠴᠡᠭᠴᠡᠯᠡᠨ ᠰᠠᠶᠢᠵᠢᠷᠠᠭᠤᠯᠵᠤ᠂ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃
   ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠭᠠᠯ ᠰᠡᠷᠭᠡᠶᠢᠯᠡᠬᠦ ᠬᠥᠮᠦᠵᠢᠯ ᠢ ᠭᠦᠨᠵᠡᠭᠡᠶᠢᠷᠡᠭᠦᠯᠦᠨ᠎ᠡ᠃ ᠬᠦᠷᠢᠶᠡᠯᠡᠩ ᠲᠣᠭᠤᠷᠢᠭ ᠤᠨ ᠳᠣᠲᠣᠷᠠᠬᠢ ᠭᠤᠣᠯᠳᠠᠯᠭ᠎ᠠ ᠲᠠᠢ ᠣᠷᠣᠨ ᠪᠦᠰᠡ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠤᠷᠢᠶ᠎ᠠ ᠯᠣᠽᠦ᠋ᠩ᠂ ᠬᠥᠨᠳᠡᠯᠡᠨ ᠪᠢᠴᠢᠭᠡᠰᠦ ᠪᠣᠯᠤᠨ ᠰᠡᠷᠡᠮᠵᠢ ᠶᠢᠨ ᠫᠠᠶᠢᠰᠠ ᠡᠯᠭᠦᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠣᠯᠤᠨ ᠨᠠᠰᠢ ᠴᠠᠰᠢ ᠶᠠᠪᠤᠵᠤ ᠪᠠᠶᠢᠭ᠎ᠠ ᠬᠥᠮᠦᠰ ᠲᠤ ᠭᠠᠯ ᠰᠡᠷᠭᠡᠶᠢᠯᠡᠬᠦ ᠠᠮᠤᠷ ᠲᠦᠪᠰᠢᠨ ᠢ ᠠᠩᠬᠠᠷᠬᠤ ᠶᠢ ᠰᠠᠨᠠᠭᠤᠯᠤᠨ᠎ᠠ᠃ ᠸᠢᠴᠠᠲ ᠤᠨ ᠴᠤᠭᠯᠠᠷᠠᠯ᠂ ᠣᠯᠠᠨ ᠨᠡᠶᠢᠲᠡ ᠶᠢᠨ ᠳ᠋ᠤᠭᠠᠷ ᠵᠡᠷᠭᠡ ᠮᠡᠳᠡᠭᠡ ᠵᠠᠩᠭᠢ ᠶᠢᠨ ᠲᠠᠪᠴᠠᠩ ᠢ ᠭᠦᠶᠴᠡᠳ ᠠᠰᠢᠭᠯᠠᠨ᠂ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ᠂ ᠭᠠᠯ ᠰᠡᠷᠭᠡᠶᠢᠯᠡᠬᠦ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠨᠡᠶᠢᠲᠡᠯᠡᠵᠦ᠂ ᠮᠡᠳᠡᠭᠡ ᠵᠠᠩᠭᠢ ᠳᠠᠮᠵᠢᠭᠤᠯᠬᠤ ᠶᠢ ᠲᠦᠷᠭᠡᠨ ᠪᠥᠭᠡᠳ ᠥᠷᠭᠡᠨ ᠢᠶᠠᠷ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠢ ᠲᠤᠰᠬᠠᠶ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠭᠴᠢ ᠲᠣᠬᠢᠷᠠᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠵᠤ᠂ ᠠᠵᠤ ᠠᠬᠤᠶᠢᠯᠠᠯ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号