ᠬᠠᠪᠤᠷ ᠤᠨ ᠤᠷᠢᠬᠠᠨ ᠰᠠᠯᠬᠢ ᠢᠯᠪᠢᠵᠦ᠂ ᠤᠷᠢᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠨ᠎ᠠ᠂ ᠪᠤᠤ ᠱᠢ | ᠪᠠᠯᠭᠠᠰᠤᠨ ᠤ ᠬᠦᠰᠡᠯ ᠡᠷᠡᠮᠡᠯᠵᠡᠯ ᠢᠶᠠᠷ ᠪᠢᠯᠬᠠᠭᠰᠠᠨ ᠡᠨᠡ ᠬᠦ ᠨᠤᠲᠤᠭ ᠳᠡᠪᠢᠰᠬᠡᠷ ᠳᠡᠭᠡᠷ᠎ᠡ᠂ ︽ᠷᠢᠳᠢ ᠰᠢᠳᠢ ᠲᠠᠢ | ᠡᠮᠡᠭᠲᠡᠶᠢᠴᠦᠳ᠂ ᠴᠤᠭ ᠵᠢᠪᠬᠤᠭ᠎ᠠ ᠪᠠᠳᠠᠷᠠᠨ᠎ᠠ︾᠂ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠢ | ᠪᠡᠯᠭᠡᠯᠡᠬᠦ ᠠᠵᠢᠯᠯᠠᠭ᠎ᠠ 3 ᠰᠠᠷ᠎ᠠ ᠶᠢᠨ 8 ᠤ ᠦᠳᠡ ᠶᠢᠨ ᠡᠮᠦᠨ᠎ᠡ ᠬᠥᠭᠵᠢᠶᠡᠨᠲᠡᠢ ᠶᠠᠪᠤᠭᠳᠠᠵᠤ᠂ ᠬᠠᠪᠤᠷ ᠤᠨ | ᠤᠯᠠᠷᠢᠯ ᠳᠤ ᠦᠵᠡᠰᠬᠦᠯᠡᠩᠲᠦ ᠰᠠᠶᠢᠬᠠᠨ ᠦᠩᠭᠡ ᠪᠤᠳᠤᠭ ᠨᠡᠮᠡᠷᠢᠯᠡᠵᠦ᠂ ᠪᠤᠤ ᠱᠢ ᠪᠠᠯᠭᠠᠰᠤᠨ ᠤ ᠬᠥᠭᠵᠢᠯᠲᠡ ᠶᠢᠨ | ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠪᠠ᠃ | | ᠡᠩ ᠤᠨ ᠣᠶᠢᠶ᠎ᠠ ᠳᠤ ᠦᠭᠡ ᠳᠠᠭᠤᠨ ᠦᠭᠡᠢ ᠪᠠᠷ ᠡᠯ᠎ᠡ ᠥᠨᠴᠥᠭ ᠪᠤᠯᠤᠩ ᠳᠤ ᠠᠵᠢᠯᠯᠠᠵᠤ ᠪᠠᠶᠢᠭ᠎ᠠ ᠪᠤᠤ ᠱᠢ | ᠪᠠᠯᠭᠠᠰᠤᠨ ᠤ ᠡᠮᠡᠭᠲᠡᠢᠴᠦᠳ ᠨᠢᠭᠡ ᠲᠠᠩᠬᠢᠮ ᠳᠤ ᠴᠤᠭᠯᠠᠷᠠᠵᠤ᠂ ᠲᠡᠳᠡ ᠨᠠᠷᠢᠯᠢᠭ ᠬᠠᠷᠠᠴᠠ ᠪᠣᠯᠤᠨ ᠥᠪᠡᠷᠮᠢᠴᠡ | ᠦᠵᠡᠯᠲᠡ ᠪᠠᠷ ᠢᠶᠠᠨ ᠨᠤᠲᠤᠭ ᠤᠨ ᠢᠶᠠᠨ ᠬᠥᠭᠵᠢᠯᠲᠡ ᠶᠢᠨ ᠲᠣᠭᠤᠷᠢᠨ ᠳᠤ ᠥᠪᠡᠷ ᠥᠪᠡᠷ ᠤᠨ ᠦᠵᠡᠯᠲᠡ ᠪᠠᠨ | ᠶᠠᠷᠢᠵᠤ᠂ ᠰᠠᠨᠠᠭᠤᠯᠭ᠎ᠠ ᠪᠣᠯᠭᠠᠨ ᠨᠢ ᠪᠦᠷ ᠲᠡᠳᠡᠨ ᠤ ᠨᠤᠲᠤᠭ ᠤᠨ ᠢᠶᠠᠨ ᠲᠤᠬᠠᠢ ᠭᠦᠨ ᠮᠥᠷᠥᠭᠡᠳᠦᠯ ᠪᠣᠯᠤᠨ | ᠰᠠᠶᠢᠨ ᠰᠠᠶᠢᠬᠠᠨ ᠬᠦᠰᠡᠯ ᠡᠷᠡᠮᠡᠯᠵᠡᠯ ᠢ ᠠᠭᠤᠯᠵᠤ᠂ ᠪᠤᠤ ᠱᠢ ᠪᠠᠯᠭᠠᠰᠤᠨ ᠤ ᠬᠥᠭᠵᠢᠯᠲᠡ ᠶᠢᠨ ᠵᠢᠷᠤᠭ ᠲᠥᠯᠥᠪᠯᠡᠭᠡ | ᠳᠡᠭᠡᠨ ᠬᠠᠯᠠᠭᠤᠨ ᠳᠤᠯᠠᠭᠠᠨ ᠮᠥᠷᠲᠡᠭᠡᠨ ᠬᠦᠴᠦᠲᠡᠢ ᠵᠢᠷᠤᠭᠠᠰᠤ ᠵᠢᠷᠤᠭᠯᠠᠵᠤ ᠥᠭᠴᠡᠢ᠃ | | ᠶᠠᠷᠢᠯᠴᠠᠬᠤ ᠬᠤᠷᠠᠯ ᠤᠨ ᠲᠠᠷᠠᠭ᠎ᠠ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠡᠮᠡᠭᠲᠡᠢ | ᠺᠠᠳ᠋ᠷᠴᠤᠳ ᠢ ᠵᠣᠬᠢᠶᠠᠨ ᠪᠠᠶᠢᠭᠤᠯᠤᠨ ᠰᠣᠨᠢᠷᠬᠠᠯᠲᠤ ᠠᠵᠢᠯᠯᠠᠭ᠎ᠠ ᠬᠢᠵᠦ᠂ ᠠᠵᠢᠯᠯᠠᠭ᠎ᠠ ᠶᠢᠨ ᠳᠤᠮᠳᠠ ᠡᠮᠡᠭᠲᠡᠢ | ᠺᠠᠳ᠋ᠷᠴᠤᠳ ᠡᠳᠦᠷ ᠲᠣᠳᠣᠮ ᠤᠨ ᠠᠵᠢᠯ ᠲᠠᠢ ᠠᠳᠠᠯᠢ ᠪᠤᠰᠤ ᠲᠠᠯ᠎ᠠ ᠪᠠᠨ ᠢᠯᠡᠷᠡᠭᠦᠯᠵᠦ᠂ ᠲᠡᠳᠡ ᠡᠰᠡᠬᠦᠯ᠎ᠡ ᠬᠤᠷᠴᠠ | ᠰᠡᠷᠭᠦᠯᠡᠩ ᠱᠤᠭ ᠶᠦᠮᠦᠷᠯᠢᠭ᠂ ᠡᠰᠡᠬᠦᠯ᠎ᠡ ᠡᠷᠡᠯᠬᠡᠭ ᠪᠠᠭᠠᠲᠤᠷᠯᠢᠭ ᠡᠷᠡᠰ ᠰᠢᠭᠤᠷᠬᠠᠢ ᠪᠠᠶᠢᠵᠤ᠂ ᠪᠠᠶᠠᠷ ᠬᠥᠷ ᠤᠨ | ᠳᠤᠮᠳᠠ ᠣᠶᠢᠯᠠᠭᠠᠯᠴᠠᠭ᠎ᠠ ᠪᠠ ᠨᠥᠬᠦᠷᠯᠡᠯ ᠢᠶᠠᠨ ᠭᠦᠨᠵᠡᠭᠡᠶᠢᠷᠡᠭᠦᠯᠦᠭᠰᠡᠨ ᠪᠠᠶᠢᠨ᠎ᠠ᠃ | | ᠠᠵᠢᠯᠯᠠᠭ᠎ᠠ ᠡᠴᠦᠰᠯᠡᠬᠦ ᠦᠶ᠎ᠡ ᠳᠤ᠂ ᠡᠮᠡᠭᠲᠡᠶᠢᠴᠦᠳ ᠨᠢᠭᠡᠪᠦᠷᠢ ᠴᠥᠮ ᠱᠠᠩᠨᠠᠯ ᠤᠨ ᠡᠳ᠋ ᠡᠷᠭᠦᠵᠦ᠂ ᠱᠠᠩᠨᠠᠯ | ᠤᠨ ᠡᠳ᠋ ᠨᠢᠭᠡᠪᠦᠷᠢ ᠨᠢ ᠴᠥᠮ ᠲᠡᠳᠡᠨ ᠳᠤ ᠭᠦᠨ᠎ᠡ ᠬᠦᠨᠳᠦᠳᠬᠡᠯ ᠪᠠ ᠪᠠᠶᠠᠷ ᠤᠨ ᠡᠳᠦᠷ ᠤᠨ ᠵᠥᠩᠨᠡᠯ | ᠳᠡᠪᠰᠢᠭᠦᠯᠵᠦ᠂ ᠲᠡᠳᠡᠨ ᠤ ᠨᠢᠭᠤᠷ ᠳᠡᠭᠡᠷ᠎ᠡ ᠵᠣᠯ ᠵᠢᠷᠭᠠᠯ ᠪᠠ ᠣᠮᠣᠭᠰᠢᠯ ᠪᠢᠯᠬᠠᠵᠤ ᠪᠠᠶᠢᠨ᠎ᠠ᠂ ᠡᠨᠡ ᠨᠢ ᠯᠠᠪᠲᠠᠶ | ᠲᠡᠳᠡᠨ ᠢ ᠪᠤᠤ ᠱᠢ ᠪᠠᠯᠭᠠᠰᠤᠨ ᠤ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠡᠷᠡᠰ ᠵᠣᠷᠢᠭ ᠢ ᠨᠠᠩ | ᠪᠠᠲᠤᠳᠬᠠᠵᠠᠶ᠃ | | ᠡᠨᠡ ᠤᠳᠠᠭᠠᠨ ᠤ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠪᠤᠤ ᠱᠢ | ᠪᠠᠯᠭᠠᠰᠤᠨ ᠤ ᠡᠮᠡᠭᠲᠡᠶᠢᠴᠦᠳ ᠲᠤ ᠮᠠᠷᠲᠠᠭᠳᠠᠰᠢ ᠦᠭᠡᠶ ᠪᠠᠶᠠᠷ ᠤᠨ ᠡᠳᠦᠷ ᠢ ᠪᠡᠯᠡᠭᠯᠡᠭᠰᠡᠨ ᠢᠶᠠᠷ ᠪᠠᠷᠠᠬᠤ ᠦᠭᠡᠶ | ᠲᠡᠳᠡᠨ ᠤ ᠨᠤᠲᠤᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠪᠣᠯᠤᠨ | ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠵᠡᠶ᠃ ᠢᠷᠡᠭᠡᠳᠦᠶ ᠳᠤ᠂ ᠲᠠᠳᠠ ᠥᠪᠡᠷ ᠥᠪᠡᠷ ᠤᠨ ᠠᠵᠢᠯ ᠤᠨ ᠪᠠᠶᠢᠷᠢ | ᠳᠡᠭᠡᠷ᠎ᠡ ᠪᠠᠨ ᠦᠷᠭᠦᠯᠵᠢᠯᠡᠨ ᠬᠡᠷᠡᠯ ᠢᠯᠴᠢ ᠭᠠᠷᠭᠠᠵᠤ᠂ ᠡᠮᠡᠭᠲᠡᠶᠢᠴᠦᠳ ᠲᠤ ᠯᠡ ᠪᠠᠶᠢᠳᠠᠭ ᠡᠶᠡᠯᠳᠡᠭ ᠵᠥᠭᠡᠯᠡᠨ ᠪᠠ | ᠲᠡᠰᠪᠦᠷᠢ ᠲᠡᠪᠴᠢᠶᠡᠷᠢ ᠪᠠᠷ ᠢᠶᠠᠨ ᠪᠤᠤ ᠱᠢ ᠪᠠᠯᠭᠠᠰᠤᠨ ᠤ ᠬᠥᠭᠵᠢᠯᠲᠡ ᠳᠤ ᠬᠦᠴᠦ ᠨᠡᠮᠡᠷᠢᠯᠡᠵᠦ᠂ ᠪᠤᠤ ᠱᠢ | ᠪᠠᠯᠭᠠᠰᠤᠨ ᠤ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠪᠢᠴᠢᠭᠯᠡᠬᠦ ᠪᠣᠯᠤᠨ᠎ᠠ᠃ |