ᠲᠦᠴᠢᠦᠸᠠᠨ ᠰᠢᠶᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ︽ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ︾ ᠶᠢ ᠳᠥᠯᠭᠢᠨ ᠠᠬᠢᠭᠤᠯᠵᠤ ᠨᠡᠶᠢᠭᠡᠮ ᠤᠨ ᠪᠠᠲᠤᠯᠠᠭ᠎ᠠ ᠶᠢᠨ ᠲᠣᠤᠷ ᠢ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2025/4/1
   ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠢ ᠭᠦᠨᠵᠡᠭᠡᠶ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ ᠡᠨᠡ ᠵᠢᠯ ᠠᠴᠠ ᠨᠠᠭᠠᠰᠢ᠂ ᠲᠦᠴᠢᠦᠸᠠᠨ ᠰᠢᠶᠠᠨ ᠬᠠᠷᠠᠯᠲᠠ ᠲᠠᠢ ᠪᠠᠷ ᠬᠦᠴᠦᠯᠡᠵᠦ᠂ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︾ ᠵᠡᠷᠭᠡ ᠪᠠᠷ ᠬᠦᠴᠦᠯᠡᠵᠦ᠂ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠵᠦ ᠪᠣᠳᠠᠲᠤ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃    3 ᠰᠠᠷ᠎ᠠ ᠶᠢᠨ 26 ᠤ ᠡᠳᠦᠷ᠂ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠨᠠᠨ ᠰᠢᠶᠠᠩ ᠲᠣᠰᠬᠤᠨ ᠤ ᠨᠠᠮ ᠤᠨ ᠭᠡᠰᠢᠭᠦᠨ ᠣᠯᠠᠨ ᠲᠦᠮᠡᠨ ᠤ ᠦᠶᠯᠡᠴᠢᠯᠡᠭᠡᠨ ᠤ ᠲᠥᠪ ᠲᠤ ᠬᠦᠷᠬᠦ ᠳᠤ᠂ ᠲᠦᠴᠢᠦᠸᠠᠨ ᠰᠢᠶᠠᠨ ᠤ ᠨᠡᠶᠢᠭᠡᠮ ᠤᠨ ᠳᠠᠭᠠᠳᠬᠠᠯ ᠤᠨ ᠦᠶᠯᠡᠰ ᠤᠨ ᠦᠶᠯᠡᠴᠢᠯᠡᠭᠡᠨ ᠤ ᠲᠥᠪ ᠠᠴᠠ ᠢᠷᠡᠭᠰᠡᠨ ᠠᠵᠢᠯᠲᠠᠳ ᠶᠠᠭ ᠲᠣᠰᠬᠤᠨ ᠤ ᠠᠷᠠᠳ ᠲᠤ ᠨᠡᠶᠢᠭᠡᠮ ᠤᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ  ᠶᠢ ᠲᠠᠶᠢᠯᠪᠤᠷᠢᠯᠠᠵᠤ ᠪᠠᠶᠢᠯ᠎ᠠ᠃
   ᠲᠦᠴᠢᠦᠸᠠᠨ ᠰᠢᠶᠠᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ︽ᠲᠣᠳᠣᠷᠬᠠᠶ ᠦᠵᠡᠵᠦ ᠣᠶᠢᠯᠠᠭᠠᠬᠤ︾ ᠶᠢ ᠢᠳᠡᠪᠬᠢᠲᠡᠶ ᠠᠬᠢᠭᠤᠯᠵᠤ᠂ ᠣᠯᠠᠨ ᠲᠦᠮᠡᠨ ᠤ ᠠᠳᠠᠯᠢ ᠪᠤᠰᠤ ᠨᠠᠰᠤ ᠵᠢᠯ ᠪᠠ ᠠᠵᠤ ᠠᠬᠤᠶ ᠶᠢᠨ ᠪᠠᠶᠢᠳᠠᠯ ᠢ ᠦᠨᠳᠦᠰᠦᠯᠡᠨ᠂ ᠠᠵᠢᠯᠲᠠᠨ ᠢ ᠵᠣᠬᠢᠶᠠᠨ ᠪᠠᠶᠢᠭᠤᠯᠤᠨ ᠠᠶᠢᠯ ᠡᠷᠦᠬᠡ ᠳᠤ ᠣᠴᠢᠭᠤᠯᠵᠤ᠂ ᠰᠠᠨᠠᠭᠠᠴᠢᠯᠠᠭ᠎ᠠ  ᠠᠴᠠ ᠪᠠᠨ ᠬᠡᠷ ᠲᠤᠨᠢ ᠬᠦᠷᠴᠦ ᠦᠶᠯᠡᠴᠢᠯᠡᠭᠡ ᠬᠦᠷᠭᠡᠨ᠂ ᠣᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠡᠷᠡᠭᠡᠯᠵᠡᠭᠡ ᠶᠢ ᠠᠯᠳᠠᠷᠠᠭᠠᠵᠤ ᠥᠭᠪᠡ᠃
   ︽ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢᠨ ᠲᠤᠬᠠᠶ᠂ ᠭᠤᠤᠯᠳᠠᠭᠤ ᠰᠦᠶᠳᠬᠡᠯ ᠲᠤᠰᠢᠶᠠᠬᠤ ᠲᠠᠰ᠂ ᠵᠠᠰᠠᠭ ᠤᠨ ᠣᠷᠳᠣᠨ ᠤ ᠨᠥᠬᠦᠪᠥᠷᠢ ᠶᠢᠨ ᠬᠠᠷᠠᠭᠠᠯᠵᠠᠯ᠂ ᠰᠦᠶᠳᠬᠡᠯ ᠲᠤᠰᠢᠶᠠᠬᠤ ᠴᠤᠪᠤᠷᠠᠯ᠂ ᠬᠠᠷᠠᠭᠠᠯᠵᠠᠯ ᠠᠪᠬᠤ ᠵᠡᠷᠭᠡ ᠪᠠᠶᠢᠳᠠᠯ ᠳᠤ ᠴᠢᠭᠯᠡᠭᠦᠯᠦᠨ ᠤᠬᠠᠭᠤᠯᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠲᠠᠶᠢᠯᠪᠤᠷᠢᠯᠠᠨ᠂ ᠲᠣᠳᠣᠷᠬᠠᠶ ᠪᠤᠳᠤᠵᠤ᠂ ᠠᠷᠠᠳ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠳᠠᠭᠠᠳᠬᠠᠯ ᠳᠤ ᠣᠷᠣᠯᠴᠠᠭᠤᠯᠤᠨ᠎ᠠ᠃︾ ᠭᠡᠵᠦ ᠲᠦᠴᠢᠦᠸᠠᠨ ᠰᠢᠶᠠᠨ ᠤ ᠨᠡᠶᠢᠭᠡᠮ ᠤᠨ ᠳᠠᠭᠠᠳᠬᠠᠯ ᠤᠨ ᠦᠢᠯᠡᠰ  ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠰᠢᠶᠠᠩ ᠼᠦᠨ ᠵᠢᠶᠠ ᠬᠡᠯᠡᠪᠡ᠃    ᠤᠯᠠᠨ ᠲᠦᠮᠡᠨ ᠲᠠᠢ ᠤᠢᠢᠷᠠᠳᠤᠭᠰᠠᠨ ᠰᠦᠯᠵᠢᠶᠡᠨ ᠭᠠᠳᠠᠨᠠᠬᠢ ᠤᠬᠠᠭᠤᠯᠭ᠎ᠠ ᠠᠴᠠ ᠭᠠᠳᠠᠨ᠎ᠠ᠂ ᠪᠠᠰᠠ ᠠᠭᠤᠯᠭ᠎ᠠ ᠪᠠᠷ ᠪᠠᠶᠠᠯᠢᠭ ᠰᠦᠯᠵᠢᠶᠡᠨ ᠳᠡᠭᠡᠷᠡᠬᠢ ᠤᠬᠠᠭᠤᠯᠭ᠎ᠠ ᠪᠠᠶᠢᠨ᠎ᠠ᠃ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠢ ᠭᠤᠣᠯᠯᠠᠨ ᠳᠡᠯᠭᠡᠷᠡᠭᠦᠯᠬᠦ᠂ ᠺᠠᠳ᠋ᠷ ᠤᠯᠠᠨ ᠲᠦᠮᠡᠨ ᠤ ᠵᠢᠷᠭᠢᠶ᠎ᠡ ᠶᠢᠨ ᠨᠠᠶᠢᠵᠠ ᠶᠢᠨ ᠲᠣᠭᠤᠷᠢᠭ ᠳᠠᠮᠵᠢᠭᠤᠯᠤᠨ ᠲᠠᠷᠬᠠᠭᠠᠬᠤ ᠵᠡᠷᠭᠡ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠵᠢᠭᠰᠠᠭᠠᠯ ᠢᠶᠠᠷ ᠳᠠᠮᠵᠢᠨ᠂ ᠤᠯᠠᠨ ᠲᠦᠮᠡᠨ ᠤ ᠲᠦᠷᠦ ᠶᠢᠨ ᠪᠤᠳᠤᠯᠭ᠎ᠠ ᠶᠢ ᠮᠡᠳᠡᠬᠦ ᠨᠤᠷᠮ᠎ᠠ ᠢᠯᠡᠳᠲᠡ ᠳᠡᠭᠡᠭᠰᠢᠯᠡᠪᠡ᠃
   ᠲᠦᠴᠢᠦᠸᠠᠨ ᠰᠢᠶᠠᠨ ᠤ ᠨᠡᠶᠢᠭᠡᠮ ᠤᠨ ᠳᠠᠭᠠᠳᠬᠠᠯ ᠤᠨ ᠦᠶᠯᠡᠰ ᠤᠨ ᠦᠶᠯᠡᠴᠢᠯᠡᠭᠡᠨ ᠤ ᠲᠥᠪ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ 2024 ᠣᠨ ᠳᠤ ᠪᠥᠬᠦ ᠰᠢᠶᠠᠨ ᠠᠴᠠ 5 ᠵᠠᠰᠠᠭ ᠵᠠᠬᠢᠷᠭᠠᠨ ᠤ ᠲᠣᠰᠬᠤᠨ ᠢ ᠰᠣᠩᠭᠤᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠨᠥᠬᠦᠪᠥᠷᠢ ᠥᠭᠬᠦ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠡᠩ ᠲᠡᠷᠢᠭᠦᠨ ᠳᠤ ᠠᠬᠢᠭᠤᠯᠵᠤ᠂ ᠨᠡᠶᠢᠲᠡ 49900 ᠲᠥᠭᠦᠷᠢᠭ ᠤᠨ ᠨᠥᠬᠦᠪᠥᠷᠢ ᠥᠭᠴᠦ᠂ 499 ᠬᠥᠮᠦᠨ ᠠᠰᠢᠭ ᠭᠥᠷᠳᠡᠪᠡ᠃    ︽ᠬᠠᠮᠲᠤ ᠶᠢᠨ ᠠᠵᠤ ᠠᠬᠤᠶ ᠶᠢᠨ ᠨᠥᠬᠦᠪᠥᠷᠢ ᠶᠢᠨ ᠲᠤᠷᠰᠢᠯᠲᠠ ᠶᠢ ᠥᠷᠨᠢᠭᠦᠯᠦᠭᠰᠡᠨ ᠨᠢ ᠬᠤᠲᠠ ᠬᠥᠳᠡᠭᠡ  ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠯᠠ ᠴᠤᠭᠯᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠣᠯᠠᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠨᠡᠶᠢᠭᠡᠮ ᠤᠨ ᠳᠠᠭᠠᠳᠬᠠᠯ ᠤᠨ ᠦᠶᠯᠡᠰ ᠤᠨ ᠦᠶᠯᠡᠴᠢᠯᠡᠭᠡᠨ ᠤ ᠲᠥᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠠᠰᠤᠭ ᠤᠨ ᠳᠠᠷᠤᠭ᠎ᠠ ᠶᠠᠩ ᠵᠢᠩ ᠲᠠᠨᠢᠯᠴᠠᠭᠤᠯᠪᠠ᠃    ᠣᠶᠢᠯᠠᠭᠠᠭᠰᠠᠨ ᠢᠶᠠᠷ᠂ 2 ᠰᠠᠷ᠎ᠠ ᠶᠢᠨ ᠰᠡᠭᠦᠯᠴᠢ ᠪᠣᠯᠲᠠᠯ᠎ᠠ᠂ ᠲᠦᠴᠢᠦᠸᠠᠨ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 17.3 ᠲᠦᠮᠡᠨ ᠬᠥᠮᠦᠨ ᠣᠷᠣᠯᠴᠠᠭᠰᠠᠨ ᠪᠠᠶᠢᠨ᠎ᠠ᠃ ᠡᠭᠦᠨ ᠳᠤ 4.8 ᠲᠦᠮᠡᠨ ᠬᠥᠮᠦᠨ ᠣᠯᠭᠤᠮᠵᠢ ᠭᠥᠷᠳᠡᠵᠡᠶ᠃
   ︽ᠲᠠᠷᠠᠭᠠᠴᠢ ᠶᠢᠨ ᠠᠯᠬᠤᠮ ᠳᠤ᠂ ᠲᠥᠪ ᠠᠴᠠ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤ ᠪᠠᠷ ᠡᠳ᠋ᠯᠡᠬᠦ ᠲᠤᠭ᠎ᠠ ᠪᠠᠷᠢᠮᠲᠠ ᠶᠢ ᠭᠦᠶᠴᠡᠳ ᠠᠰᠢᠭᠯᠠᠵᠤ᠂ ᠲᠤᠬᠠᠶᠢᠯᠠᠭᠰᠠᠨ ᠠᠵᠢᠯ ᠤᠨ ᠭᠠᠷᠲᠠᠨ ᠭᠦᠶᠴᠡᠳᠬᠡᠬᠦ ᠣᠨᠣᠪᠴᠢᠲᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠮᠡᠳᠡᠭᠡ ᠵᠠᠩᠭᠢ ᠶᠢ ︿ᠢᠯᠡᠭᠦᠦ ᠭᠦᠶᠦᠯᠭᠡᠬᠦ﹀᠂ ᠣᠯᠠᠨ ᠲᠦᠮᠡᠨ ᠢ ︿ᠳᠤᠲᠠᠭᠤ ᠭᠦᠶᠦᠯᠭᠡᠬᠦ﹀ ᠶᠢ ᠦᠨᠡᠨ ᠬᠦ ᠪᠡᠶᠡᠯᠡᠭᠦᠯᠦᠨ᠎ᠡ᠃︾ ᠭᠡᠵᠦ ᠲᠦᠴᠢᠦᠸᠠᠨ ᠰᠢᠶᠠᠨ ᠤ ᠨᠡᠶᠢᠭᠡᠮ  ᠤᠨ ᠳᠠᠭᠠᠳᠬᠠᠯ ᠤᠨ ᠦᠶᠯᠡᠰ ᠤᠨ ᠦᠶᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠰᠢᠶᠠᠩ ᠼᠦᠨ ᠵᠢᠶᠠ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号