ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭ᠎ᠠ ᠣᠶᠢᠷᠠᠳᠬᠤ ᠶᠢ ᠳᠠᠭᠠᠯᠳᠤᠨ᠂ ᠬᠥᠮᠦᠰ ᠤᠨ | ᠠᠩᠬᠠᠷᠤᠯ ᠢ ᠶᠡᠬᠡᠳᠡ ᠲᠠᠲᠠᠵᠤ ᠪᠠᠶᠢᠭ᠎ᠠ ᠲᠦᠴᠢᠦᠸᠠᠨ ᠰᠢᠶᠠᠨ ᠤ ᠡᠪᠦᠭᠡᠨ ᠠᠭᠤᠯᠠᠨ ᠤ ᠤᠢ ᠰᠢᠭᠤᠢ ᠶᠢᠨ | ᠰᠤᠪᠢᠯᠠᠯ ᠤᠨ ᠶᠡᠷᠦᠩᠬᠡᠶᠢᠯᠡᠭᠰᠡᠨ ᠴᠤᠭᠴᠠ ᠶᠢᠨ ᠪᠠᠶᠢᠭᠤᠯᠤᠯᠲᠠ ᠶᠢᠨ ᠲᠦᠷᠦᠯ ᠵᠦᠢᠯ ᠡᠴᠦᠰ ᠤᠨ ᠰᠢᠪᠲᠤᠯᠤᠯᠲᠠ | ᠶᠢᠨ ᠱᠠᠲᠤᠨ ᠳᠤ ᠣᠷᠣᠪᠠ᠃ 30 ᠭᠠᠷᠤᠶ ᠠᠵᠢᠯᠲᠠᠨ ᠶᠠᠭ ᠴᠠᠭ ᠮᠥᠴᠡ ᠶᠢ ᠠᠮᠵᠢᠨ ᠰᠡᠭᠦᠯ ᠬᠤᠷᠢᠶᠠᠬᠤ | ᠢᠨᠵᠧᠨᠧᠷᠢᠩ ᠢ ᠠᠬᠢᠭᠤᠯᠵᠤ᠂ ᠡᠨᠡ ᠬᠦ ᠠᠮᠢ ᠠᠬᠤᠶ ᠶᠢᠨ ᠵᠢᠭᠤᠯᠴᠢᠯᠠᠯ ᠤᠨ ᠰᠢᠨ᠎ᠡ ᠪᠡᠯᠭᠡ ᠲᠡᠮᠳᠡᠭ ᠤᠨ ᠤᠷᠤᠨ ᠢ | ᠲᠣᠭᠲᠠᠭᠰᠠᠨ ᠬᠤᠭᠤᠴᠠᠭᠠᠨ ᠳᠤ ᠣᠯᠠᠨ ᠨᠡᠶᠢᠲᠡ ᠳᠤ ᠨᠡᠭᠡᠭᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ | | | ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠬᠠᠮᠤᠭ ᠰᠡᠭᠦᠯᠴᠢ ᠶᠢᠨ ᠱᠠᠲᠤᠨ | ᠤ ᠲᠤᠨᠤᠭ ᠲᠥᠬᠦᠭᠡᠷᠦᠮᠵᠢ ᠶᠢ ᠲᠤᠬᠢᠷᠠᠭᠤᠯᠤᠨ ᠲᠤᠷᠰᠢᠬᠤ᠂ ᠤᠰᠤᠨ ᠴᠥᠭᠦᠷᠥᠮ ᠢ ᠤᠭᠰᠠᠷᠠᠬᠤ ᠵᠢᠴᠢ ᠦᠵᠡᠭᠦᠯᠭᠡ | ᠶᠢᠨ ᠲᠢᠩᠬᠢᠮ ᠤᠨ ᠠᠮᠤᠷ ᠲᠦᠪᠰᠢᠨ ᠤ ᠬᠠᠯᠬᠠᠪᠴᠢ ᠬᠡᠷᠡᠰᠬᠡ ᠵᠡᠷᠭᠡ ᠶᠢ ᠪᠠᠴᠢᠮ ᠶᠠᠭᠠᠷᠠᠯᠲᠠᠢ ᠲᠠᠯᠪᠢᠵᠤ ᠪᠠᠶᠢᠯ᠎ᠠ᠃ | ᠪᠠᠰᠠ ᠵᠠᠷᠢᠮ ᠠᠵᠢᠯᠲᠠᠨ ᠰᠢᠯ ᠦᠵᠡᠮᠵᠢ ᠶᠢᠨ ᠬᠤᠩᠭᠢᠯ᠂ ᠰᠡᠯᠡᠭᠦᠴᠡᠯ ᠤᠨ ᠣᠷᠣᠨ ᠤ ᠰᠢᠷᠡᠭᠡ ᠰᠠᠨᠳᠠᠯᠢ ᠵᠡᠷᠭᠡ ᠶᠢ | ᠠᠷᠴᠢᠵᠤ᠂ ᠪᠥᠬᠦ ᠬᠦᠷᠢᠶᠡᠯᠡᠩ ᠲᠣᠭᠤᠷᠢᠭ ᠲᠤ ︽ᠭᠦᠨ ᠴᠡᠪᠡᠷᠯᠡᠭᠡ︾ ᠬᠢᠵᠦ ᠪᠠᠶᠢᠨ᠎ᠠ᠃ | | ︽ᠪᠢᠳᠡ ᠶᠠᠭ ᠪᠢᠯᠧᠲ ᠬᠤᠳᠠᠯᠳᠤᠬᠤ ᠰᠢᠰᠲ᠋ᠧᠮ ᠤᠨ ᠲᠣᠬᠢᠷᠠᠭᠤᠯᠤᠯᠲᠠ᠂ ᠬᠤᠨᠤᠭ ᠪᠠᠭᠤᠳᠠᠯ ᠵᠢᠴᠢ ᠢᠳᠡᠭᠡᠨ | ᠤᠮᠳᠠᠭᠠᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠠᠭᠠᠷ ᠲᠣᠬᠢᠷᠠᠭᠤᠯᠤᠭᠴᠢ ᠶᠢᠨ ᠲᠣᠬᠢᠷᠠᠭᠤᠯᠤᠯᠲᠠ ᠵᠢᠴᠢ | ᠬᠤᠨᠤᠭ ᠪᠠᠭᠤᠳᠠᠯ᠂ ᠢᠳᠡᠭᠡᠨ ᠤᠮᠳᠠᠭᠠᠨ ᠤ ᠠᠷᠢᠭᠤᠨ ᠴᠡᠪᠡᠷ ᠤᠨ ᠴᠡᠪᠡᠷᠯᠡᠭᠡ ᠬᠢᠵᠦ ᠪᠠᠶᠢᠨ᠎ᠠ᠂ ᠪᠢᠳᠡ ᠲᠠᠪᠤᠨ | ᠰᠠᠷ᠎ᠠ ᠶᠢᠨ ᠨᠢᠭᠡᠨ ᠳᠤ ᠪᠥᠬᠦ ᠲᠠᠯ᠎ᠠ ᠪᠠᠷ ᠭᠠᠳᠠᠭᠰᠢ ᠨᠡᠭᠡᠭᠡᠯᠲᠡ ᠬᠢᠨ᠎ᠠ᠃︾ ᠭᠡᠵᠦ ᠲᠦᠴᠢᠦᠸᠠᠨ ᠰᠢᠶᠠᠨ ᠤ | ᠡᠪᠦᠭᠡᠨ ᠠᠭᠤᠯᠠᠨ ᠤ ᠤᠢ ᠰᠢᠭᠤᠢ ᠶᠢᠨ ᠰᠤᠪᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠬᠠᠷᠢᠭᠤᠴᠠᠯᠭᠠᠲᠠᠨ ᠫᠢᠩ | ᠨᠦᠸᠧ ᠬᠡᠯᠡᠪᠡ᠃ | | | | | | ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠡᠪᠦᠭᠡᠨ ᠠᠭᠤᠯᠠᠨ ᠤ ᠤᠢ ᠰᠢᠭᠤᠢ ᠶᠢᠨ ᠰᠤᠪᠢᠯᠠᠯ ᠤᠨ | ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠴᠣᠭᠴᠠ 4 ᠲᠦᠮᠡᠨ ᠲᠡᠭᠰᠢ ᠳᠥᠷᠪᠡᠯᠵᠢᠨ ᠮᠧᠲᠷ ᠭᠠᠵᠠᠷ | ᠡᠵᠡᠯᠡᠵᠦ᠂ ᠤᠨᠴᠠᠯᠢᠬᠳᠤ ᠠᠷᠠᠳ ᠤᠨ ᠪᠠᠭᠤᠳᠠᠯ᠂ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ᠪᠣᠷᠣᠯᠠᠭᠤᠯᠭ᠎ᠠ | ᠵᠡᠷᠭᠡ ᠠᠵᠤ ᠦᠢᠯᠡᠰ ᠢ ᠬᠥᠭᠵᠢᠭᠦᠯᠵᠦ᠂ ︽ᠦᠵᠡᠮᠵᠢ ᠶᠢᠨ ᠣᠷᠣᠨ + ᠪᠠᠭᠤᠳᠠᠯ︾ ᠶᠢᠨ ᠠᠭᠤᠰᠤᠯᠴᠠᠨ | ᠬᠥᠭᠵᠢᠬᠦ ᠵᠠᠭᠪᠤᠷ ᠢ ᠪᠦᠷᠢᠯᠳᠦᠭᠦᠯᠪᠡ᠃ ᠠᠮᠢ ᠠᠬᠤᠢ ᠶᠢᠨ ᠬᠦᠰᠡᠯ ᠡᠷᠡᠮᠡᠯᠵᠡᠯ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠭᠦᠷᠭᠡ ᠬᠠᠷᠢᠭᠤᠴᠠᠯᠭ᠎ᠠ ᠶᠢ ᠠᠴᠢᠶᠠᠯᠠᠭᠰᠠᠨ ᠡᠨᠡᠬᠦ ᠤᠢ ᠰᠢᠭᠤᠢ ᠶᠢᠨ ᠰᠤᠪᠢᠯᠠᠯ ᠤᠨ | ᠶᠡᠷᠦᠩᠬᠡᠢ ᠴᠣᠭᠴᠠ ᠨᠢ ︽ᠴᠠᠭ ᠢ ᠲᠣᠩᠭᠤᠷᠤᠤ ᠲᠣᠭᠠᠯᠠᠬᠤ︾ ᠪᠠᠶᠢᠳᠠᠯ ᠢᠶᠠᠷ ︽ᠲᠠᠪᠤᠨ ᠰᠠᠷ᠎ᠠ ᠶᠢᠨ ᠨᠢᠭᠡᠨ︾ ᠤ | ᠦᠪᠡᠳᠡᠭᠰᠢ ᠶᠡᠭᠡ ᠡᠬᠢᠯᠡᠯᠲᠡ ᠶᠢ ᠤᠭᠲᠤᠵᠤ ᠪᠠᠶᠢᠨ᠎ᠠ᠃ ᠲᠤᠬᠠᠢ ᠶᠢᠨ ᠦᠶ᠎ᠡ ᠳᠤ᠂ ᠵᠤᠭᠠᠴᠠᠭᠰᠠᠳ ᠠᠳᠡ ᠠᠳᠠᠯᠢ | ᠪᠤᠰᠤ ᠲᠦᠷᠦᠭᠳᠡᠯ ᠲᠠᠢ ᠲᠠᠭᠠᠯᠠᠮᠵᠢᠲᠠᠢ ᠪᠠᠶᠢᠵᠤ᠂ ᠪᠠᠶᠢᠭᠠᠯᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠰᠤᠯᠴᠠᠯ ᠤᠨ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠬᠤ ᠪᠣᠯᠤᠨ᠎ᠠ᠃ | | ᠲᠦᠴᠢᠦᠸᠠᠨ ᠰᠢᠶᠠᠨ ᠤ ᠡᠪᠦᠭᠡᠨ ᠠᠭᠤᠯᠠᠨ ᠤ ᠤᠢ ᠰᠢᠭᠤᠢ ᠶᠢᠨ ᠰᠤᠪᠢᠯᠠᠯ ᠤᠨ ᠶᠡᠷᠦᠩᠬᠡᠶᠢᠯᠡᠭᠰᠡᠨ ᠴᠣᠭᠴᠠ | ᠶᠢᠨ ᠬᠠᠷᠢᠭᠤᠴᠠᠯᠭᠠᠲᠠᠨ ᠫᠢᠩ ᠨᠦᠸᠧ ᠢᠯᠡᠷᠬᠡᠶᠢᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠪᠢᠳᠡ | ᠴᠥᠭᠦᠷᠥᠮ ᠳᠤ ᠤᠰᠤ ᠣᠷᠣᠭᠤᠯᠬᠤ ᠪᠠ ᠡᠴᠢᠭᠡ ᠡᠬᠡ ᠦᠷ᠎ᠡ ᠬᠡᠦᠬᠡᠳ ᠤᠨ ᠴᠡᠩᠭᠡᠯ ᠤᠨ ᠬᠦᠷᠢᠶᠡᠯᠡᠩ ᠤᠨ | ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠵᠢᠭᠤᠯᠴᠢᠯᠠᠭᠴᠢᠳ ᠲᠤ ᠨᠠᠩ ᠰᠠᠶᠢᠨ ᠣᠶᠢᠯᠠᠭᠠᠯᠲᠠ ᠥᠭᠬᠦ ᠶᠢᠨ | ᠲᠥᠯᠥᠭᠡ᠂ ᠪᠢᠳᠡ ᠪᠠᠰᠠ 10 ᠲᠣᠭᠤᠷᠢᠨ ᠦᠵᠡᠬᠦ ᠲᠡᠷᠭᠡ ᠬᠤᠳᠠᠯᠳᠤᠨ ᠠᠪᠴᠤ᠂ ᠤᠢ ᠰᠢᠭᠤᠢ ᠶᠢᠨ ᠰᠤᠪᠢᠯᠠᠯ | ᠤᠨ ᠶᠡᠷᠦᠩᠬᠡᠶᠢᠯᠡᠭᠰᠡᠨ ᠪᠡᠶ᠎ᠡ ᠠᠴᠠ ᠰᠢᠭᠤᠳ ᠡᠪᠦᠭᠡᠨ ᠠᠭᠤᠯᠠᠨ ᠤ ᠡᠯ᠎ᠡ ᠦᠵᠡᠮᠵᠢ ᠶᠢᠨ ᠭᠠᠵᠠᠷ ᠲᠤ ᠬᠦᠷᠴᠦ᠂ | ᠵᠢᠭᠤᠯᠴᠢᠯᠠᠭᠴᠢᠳ ᠲᠤ ᠡᠬᠡ ᠪᠠᠶᠢᠭᠠᠯᠢ ᠶᠢᠨ ᠥᠩᠭᠡ ᠦᠵᠡᠮᠵᠢ ᠶᠢ ᠮᠡᠳᠡᠷᠡᠭᠦᠯᠵᠦ᠂ ᠨᠢᠭᠡᠨ ᠰᠠᠶᠢᠨ ᠰᠠᠶᠢᠬᠠᠨ | ᠥᠩᠭᠡᠷᠡᠯᠲᠡ ᠶᠢᠨ ᠲᠥᠷᠥᠭᠳᠡᠯ ᠲᠠᠢ ᠪᠣᠯᠭᠠᠵᠤ ᠪᠣᠯᠤᠨ᠎ᠠ᠃︾ ᠭᠡᠵᠡᠢ᠃ | |