ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠠᠵᠤ ᠠᠬᠤᠶᠢᠯᠠᠯ ᠢ ᠬᠠᠪᠰᠤᠷᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠤᠯᠭᠤᠬᠤ ᠠᠷᠠᠳ ᠤᠨ ᠠᠮᠢᠳᠤᠷᠠᠯ ᠤᠨ ᠰᠠᠭᠤᠷᠢ ᠴᠢᠯᠠᠭᠤ ᠶᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2025/4/12
   ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠶᠢᠷ᠎ᠠ ᠳᠤ ᠬᠠᠷᠢᠶ᠎ᠠ ᠣᠷᠣᠨ ᠤ ᠠᠵᠤ ᠠᠬᠤᠶᠢᠯᠠᠯ ᠳᠤ ᠭᠦᠨᠵᠡᠭᠡᠶᠢᠷᠡᠨ ︽ᠠᠵᠢᠯ ᠣᠯᠭᠤᠯᠲᠠ ᠶᠢ ᠠᠬᠢᠭᠤᠯᠬᠤ ᠬᠠᠤᠯᠢ ᠪᠠᠷ ᠵᠠᠰᠠᠬᠤ ᠠᠵᠢᠯ ᠢ ᠵᠡᠷᠭᠡᠪᠡᠷ ᠶᠠᠪᠤᠭᠳᠠᠭᠤᠯᠬᠤ︾ ᠲᠤᠰᠬᠠᠶ ᠠᠵᠢᠯᠯᠠᠭ᠎ᠠ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠬᠠᠤᠯᠢ ᠲᠣᠭᠲᠠᠭᠠᠯ ᠢ ᠲᠠᠶᠢᠯᠪᠤᠷᠢᠯᠠᠬᠤ᠂ ᠠᠵᠢᠯᠴᠢᠨ ᠬᠡᠷᠡᠭᠯᠡᠬᠦ ᠶᠢ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠦᠷᠭᠦᠯᠵᠢᠯᠡᠨ ᠪᠠᠶᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃
   ᠣᠶᠢᠷ᠎ᠠ ᠳᠤ᠂ ᠰᠢᠶᠠᠨ ᠤ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ ᠶᠢᠨ ᠠᠵᠢᠯᠯᠠᠬᠤ ᠳᠤᠭᠤᠶᠢᠯᠠᠩ ᠤᠷᠢᠳ ᠬᠤᠵᠢᠳ ᠬᠢᠩᠭᠠᠨ ᠠᠶᠢᠮᠠᠭ ᠤᠨ ᠰᠢᠩ ᠳ᠋ᠢᠶᠠᠨ ᠴᠠᠬᠢᠯᠭᠠᠨ ᠬᠦᠴᠦᠨ ᠤ ᠤᠭᠰᠠᠷᠠᠯᠲᠠ ᠶᠢᠨ ᠬᠢᠵᠠᠭᠠᠷᠲᠤ ᠺᠣᠮᠫᠠᠨᠢ᠂ ᠵᠢᠶ ᠵᠦ ᠠᠵᠤ ᠦᠶᠯᠡᠰ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠳᠤ ᠬᠦᠷᠴᠦ᠂ ᠲᠤᠬᠠᠶ ᠶᠢᠨ ᠲᠠᠯᠠᠪᠠᠶ ᠳᠤ ︽ᠬᠥᠳᠡᠯᠮᠦᠷᠢ ᠬᠦᠴᠦ ᠬᠡᠷᠡᠭᠯᠡᠬᠦ ᠵᠠᠭᠤᠨ ᠠᠰᠠᠭᠤᠯᠲᠠ ᠵᠠᠭᠤᠨ ᠬᠠᠷᠢᠭᠤᠯᠲᠠ︾᠂ ︽ᠠᠵᠤ ᠠᠬᠤᠶᠢᠯᠠᠯ ᠤᠨ ᠬᠥᠳᠡᠯᠮᠦᠷᠢ ᠬᠦᠴᠦ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠡᠮᠬᠢᠳᠬᠡᠯ︾ ᠵᠡᠷᠭᠡ ᠮᠠᠲ᠋ᠧᠷᠢᠶᠠᠯ ᠲᠠᠷᠬᠠᠭᠠᠪᠠ ᠃ ᠠᠵᠢᠯᠲᠠᠳ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ᠂ ᠠᠰᠠᠭᠤᠯᠲᠠ ᠳᠤ ᠬᠠᠷᠢᠯᠴᠠᠨ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠯᠮᠦᠷᠢ ᠶᠢᠨ ᠭᠡᠷ᠎ᠡ ᠲᠣᠭᠲᠠᠬᠤ᠂ ᠴᠠᠯᠢᠩ ᠬᠥᠯᠥᠰᠥ ᠣᠯᠭᠤᠬᠤ᠂ ᠨᠡᠶᠢᠭᠡᠮ ᠤᠨ ᠳᠠᠭᠠᠳᠬᠠᠯ ᠲᠤᠰᠢᠶᠠᠬᠤ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠳᠤ ᠰᠢᠰᠲ᠋ᠧᠮ ᠲᠠᠢ ᠲᠠᠶᠢᠯᠤᠮᠵᠢ ᠬᠢᠬᠦ ᠶᠢᠨ ᠬᠠᠮᠲᠤ ᠲᠤᠬᠠᠶ ᠶᠢᠨ ᠲᠠᠯᠠᠪᠠᠶ ᠳᠤ ᠵᠢᠯᠣᠭᠤᠳᠣᠯᠭ᠎ᠠ ᠬᠢᠪᠠ᠃
   ︽ᠲᠣᠰ ᠤᠳᠠᠭ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠮᠠᠨ ᠤ ᠠᠵᠤ ᠠᠬᠤᠶᠢᠯᠠᠯ ᠳᠤ ᠢᠷᠡᠵᠦ ᠤᠬᠠᠭᠤᠯᠤᠨ ᠲᠠᠶᠢᠯᠪᠦᠷᠢᠯᠠᠬᠤ ᠪᠠᠷ ᠲᠠᠮᠵᠢᠨ᠂ ᠪᠢᠳᠡ ᠮᠠᠰᠢ ᠣᠯᠠᠨ ᠬᠥᠳᠡᠯᠮᠦᠷᠢ ᠬᠦᠴᠦᠨ ᠬᠡᠷᠡᠭᠯᠡᠬᠦ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠴᠤ᠂ ᠬᠥᠳᠡᠯᠮᠦᠷᠢᠴᠢᠳ  ᠤᠨ ᠡᠷᠬᠡ ᠠᠰᠢᠭ ᠢ ᠪᠠᠲᠤᠯᠠᠬᠤ ᠤᠬᠠᠮᠰᠠᠷ ᠢᠶᠠᠨ ᠳᠡᠭᠡᠭᠰᠢᠯᠡᠭᠦᠯᠪᠡ᠃︾ ᠰᠢᠩ ᠳ᠋ᠢᠶᠠᠨ ᠴᠠᠬᠢᠯᠭᠠᠨ ᠬᠦᠴᠦᠨ ᠤ ᠲᠦᠴᠢᠦᠸᠠᠨ ᠤ ᠬᠤᠪᠢᠶᠠᠷᠢ ᠺᠣᠮᠫᠠᠨᠢ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠵᠣᠣ ᠭᠦᠸᠧ ᠯᠢ ᠢᠯᠡᠷᠬᠡᠶᠢᠯᠡᠬᠦ ᠳᠡᠭᠡᠨ᠂ ᠬᠤᠶᠢᠰᠢᠳᠠ ᠠᠵᠤ ᠠᠬᠤᠶᠢᠯᠠᠯ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠲᠠᠯ᠎ᠠ ᠪᠠᠷ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠴᠠᠭ ᠲᠤᠬᠠᠶ ᠳᠤᠨᠢ ᠴᠠᠯᠢᠩ ᠣᠯᠭᠤᠵᠤ᠂ ᠨᠡᠶᠢᠭᠡᠮ ᠤᠨ ᠳᠠᠭᠠᠳᠬᠠᠯ ᠲᠤᠰᠢᠶᠠᠵᠤ᠂ ᠴᠠᠯᠢᠩ ᠠᠰᠠᠷᠠᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠠᠵᠢᠯᠲᠠᠨ ᠠᠵᠢᠯᠴᠢᠨ ᠢ ᠬᠥᠳᠡᠯᠮᠦᠷᠢᠯᠡᠪᠡᠯ ᠣᠷᠣᠯᠭ᠎ᠠ ᠲᠠᠢ ᠪᠣᠯᠭᠠᠨ᠎ᠠ ᠭᠡᠵᠡᠶ︔ ᠲᠡᠷᠡᠴᠢᠯᠡᠨ ᠬᠥᠳᠡᠯᠮᠦᠷᠢ ᠶᠢᠨ ᠮᠠᠷᠭᠤᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠠᠵᠢᠯᠳᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠤᠨ ᠪᠦᠲᠦᠮᠵᠢᠲᠡᠢ ᠬᠠᠮᠠᠭᠠᠯᠠᠭᠳᠠᠬᠤ ᠶᠢ ᠦᠨᠡᠨ ᠬᠦ ᠪᠠᠲᠤᠯᠠᠨ᠎ᠠ᠃    2025 ᠣᠨ ᠳᠤ᠂ ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠪᠥᠬᠦ ᠬᠦᠷᠢᠶ᠎ᠡ᠂ ᠬᠥᠳᠡᠯᠮᠦᠷᠢ ᠬᠦᠴᠦ ᠬᠡᠷᠡᠭᠯᠡᠬᠦ ᠪᠥᠬᠦ ᠬᠡᠯᠬᠢᠶ᠎ᠡ︾ ᠶᠢ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠬᠥᠳᠡᠯᠮᠦᠷᠢ ᠬᠦᠴᠦ ᠬᠡᠷᠡᠭᠯᠡᠬᠦ ᠬᠠᠮᠢᠶᠠᠷᠤᠯᠲᠠ ᠵᠢᠷᠤᠮᠵᠢᠯ ᠥᠬᠡᠶ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠬᠡ ᠲᠡᠭᠰᠢ ᠪᠠᠷ ᠠᠵᠢᠯ ᠣᠯᠭᠤᠬᠤ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠪᠠ᠃
   ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠶᠢᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ ᠶᠢᠨ ᠬᠥᠳᠡᠯᠮᠦᠷᠢ ᠶᠢᠨ ᠬᠠᠷᠢᠴᠠᠭ᠎ᠠ ᠬᠢᠭᠡᠳ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠲᠠᠰᠤᠭ ᠤᠨ ᠠᠵᠢᠯᠲᠠᠨ ᠭᠤᠸᠠᠨ ᠬᠤᠩ ᠯᠢᠶᠠᠩ ᠢᠯᠡᠷᠬᠡᠶᠢᠯᠡᠬᠦ ᠳᠡᠭᠡᠨ ᠄ ︽ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ︿ᠠᠵᠢᠯ ᠣᠯᠭᠤᠯᠲᠠ ᠶᠢ ᠠᠬᠢᠭᠤᠯᠵᠤ ᠬᠠᠤᠯᠢ ᠪᠠᠷ ᠵᠠᠰᠠᠬᠤ ᠶᠢ ᠵᠡᠷᠭᠡ ᠪᠠᠷ ᠶᠠᠪᠤᠭᠳᠠᠭᠤᠯᠬᠤ﹀ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠡᠭᠦᠨ ᠤ ᠬᠠᠮᠲᠤ ᠵᠢᠯᠣᠭᠤᠳᠤᠨ ᠪᠠᠶᠢᠴᠠᠭᠠᠬᠤ ᠪᠠᠨ ᠴᠢᠩᠭᠠᠷᠠᠭᠤᠯᠵᠤ᠂ ᠬᠢᠨᠠᠨ ᠬᠠᠮᠢᠶᠠᠷᠴᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ᠂ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠳᠤ ᠰᠠᠨᠠᠭᠤᠯᠬᠤ᠂ ᠰᠢᠮᠳᠠᠭᠤᠯᠬᠤ᠂ ᠴᠡᠭᠴᠡᠯᠡᠨ ᠰᠠᠶᠢᠵᠢᠷᠠᠭᠤᠯᠬᠤ᠂ ᠰᠢᠳᠬᠡᠬᠦ ᠶᠢ ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠠᠵᠢᠯᠴᠢᠨ ᠬᠡᠷᠡᠭᠯᠡᠬᠦ ᠶᠢ ᠵᠢᠷᠤᠮᠵᠢᠭᠤᠯᠤᠨ᠂ ᠬᠥᠳᠡᠯᠮᠦᠷᠢᠯᠡᠭᠴᠢᠳ ᠤᠨ ᠡᠷᠬᠡ ᠠᠰᠢᠭ ᠢ ᠪᠠᠲᠤᠯᠠᠬᠤ ᠬᠠᠷᠢᠭᠤᠴᠠᠯᠭ᠎ᠠ ᠶᠢ ᠭᠦᠶᠴᠡᠳᠬᠡᠵᠦ᠂ ᠥᠷᠭᠡᠨ ᠣᠯᠠᠨ ᠬᠥᠳᠡᠯᠮᠦᠷᠢᠯᠡᠭᠴᠢᠳ ᠢ ᠬᠠᠮᠠᠭᠠᠯᠠᠨ᠎ᠠ︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号