ᠬᠠᠪᠤᠷ ᠤᠨ ᠠᠭᠤᠷ ᠣᠷᠣᠵᠤ᠂ ᠲᠦᠮᠡᠨ ᠪᠣᠳᠠᠰ ᠠᠮᠢᠯᠠᠨ᠎ᠠ᠃ ᠣᠶᠢᠷ᠎ᠠ ᠳᠤ᠂ ᠪᠤᠤ ᠱᠢ ᠪᠠᠯᠭᠠᠰᠤᠨ ᠤ ᠨᠠᠮ | ᠤᠨ ᠬᠤᠷᠢᠶ᠎ᠠ᠂ ᠵᠠᠰᠠᠭ ᠤᠨ ᠣᠷᠳᠣᠨ 50 ᠭᠠᠷᠤᠶ ᠺᠠᠳ᠋ᠷ ᠠᠵᠢᠯᠲᠠᠨ ᠠᠵᠢᠯᠴᠢᠨ᠂ ᠵᠠᠯᠠᠭᠤᠴᠤᠳ ᠤᠨ ᠡᠪᠯᠡᠯ ᠤᠨ | ᠭᠡᠰᠢᠭᠦᠨ᠂ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠳᠤ ᠪᠠᠨ ᠠᠯᠪᠠᠨ ᠵᠢᠷᠤᠮ ᠤᠨ ᠮᠣᠳᠣ | ᠳᠠᠷᠢᠬᠤ ᠠᠵᠢᠯᠯᠠᠭ᠎ᠠ ᠥᠷᠨᠢᠭᠦᠯᠵᠦ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠪᠠᠷ | ᠭᠠᠷᠳᠠᠴᠠ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠣᠳᠣ ᠨᠡᠮᠡᠵᠦ ᠨᠣᠭᠤᠭᠠᠨ ᠥᠩᠭᠡ ᠨᠡᠮᠡᠷᠢᠯᠡᠨ᠂ ᠣᠷᠴᠢᠨ | ᠲᠣᠭᠤᠷᠢᠨ ᠢ ᠬᠠᠮᠲᠤ ᠪᠠᠷ ᠭᠤᠶᠣ ᠪᠣᠯᠭᠠᠬᠤ ᠶᠢ ᠠᠬᠢᠭᠤᠯᠵᠤ᠂ ᠪᠣᠬᠢᠷᠲᠤᠯ ᠥᠬᠡᠶ ᠲᠦᠴᠢᠦᠸᠠᠨ ᠢ ᠴᠣᠭᠴᠠᠯᠠᠬᠤ ᠳᠤ | ᠪᠤᠤ ᠱᠢ ᠶᠢᠨ ᠬᠦᠴᠦᠨ ᠴᠢᠳᠠᠯ ᠢᠶᠠᠨ ᠡᠷᠭᠦᠪᠡ᠃ | ᠬᠠ ᠮᠠ ᠵᠢᠶᠠ ᠤᠨ ᠮᠣᠳᠣ ᠳᠠᠷᠢᠵᠤ ᠣᠶᠢᠵᠢᠭᠤᠯᠬᠤ ᠭᠠᠵᠠᠷ ᠲᠤ ᠣᠷᠣᠪᠠᠯ᠂ ᠲᠩᠷᠢ ᠪᠦᠷᠬᠦᠶᠢᠵᠦ᠂ ᠠᠭᠠᠷ | ᠳᠣᠲᠣᠷ᠎ᠠ ᠪᠠᠭ᠎ᠠ ᠰᠠᠭ᠎ᠠ ᠤᠰᠤᠨ ᠠᠭᠤᠷ ᠬᠤᠯᠢᠯᠳᠤᠵᠤ ᠪᠠᠶᠢᠳᠠᠭ᠂ ᠭᠡᠪᠡᠴᠦ ᠲᠤᠬᠠᠶ ᠶᠢᠨ ᠲᠠᠯᠠᠪᠠᠶ ᠨᠢ ᠬᠥᠷ | ᠬᠥᠭᠵᠢᠶᠡᠨᠲᠡᠶ ᠠᠭᠤᠷ ᠠᠮᠢᠰᠬᠤᠯ ᠢᠶᠠᠷ ᠪᠢᠯᠬᠠᠵᠤ᠂ ᠣᠶ ᠰᠢᠭᠤᠶ ᠶᠢᠨ ᠥᠷᠲᠡᠭᠡ ᠶᠢᠨ ᠮᠡᠷᠭᠡᠵᠢᠯᠲᠡᠨ ᠶᠠᠭ ᠺᠠᠳ᠋ᠷ ᠲᠤ | ᠮᠣᠳᠣ ᠳᠠᠷᠢᠬᠤ ᠠᠷᠭ᠎ᠠ ᠬᠡᠯᠪᠡᠷᠢ ᠪᠠ ᠤᠷ᠎ᠠ ᠮᠡᠷᠭᠡᠵᠢᠯ ᠵᠡᠷᠭᠡ ᠬᠠᠮᠢᠶ᠎ᠠ ᠪᠥᠬᠦᠶ ᠮᠡᠳᠡᠯᠭᠡ ᠶᠢ ᠤᠯᠠᠮᠵᠢᠯᠠᠵᠤ᠂ ᠲᠤᠬᠠᠶ | ᠶᠢᠨ ᠲᠠᠯᠠᠪᠠᠶ ᠶᠢᠨ ᠳᠠᠷᠢᠵᠤ ᠡᠳᠡᠭᠡᠷᠡᠭᠦᠯᠬᠦ ᠪᠣᠯᠤᠮᠵᠢ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠵᠤ ᠪᠠᠶᠢᠨ᠎ᠠ᠃ | ᠳᠠᠷᠠᠭ᠎ᠠ ᠨᠢ ᠥᠪᠡᠷ ᠥᠪᠡᠷ ᠤᠨ ᠡᠭᠦᠷᠭᠡ ᠪᠠᠨ ᠬᠤᠪᠢᠶᠠᠷᠢᠯᠠᠵᠤ᠂ ᠬᠤᠶᠠᠷ ᠬᠥᠮᠦᠨ ᠬᠠᠮᠵᠢᠯᠴᠠᠵᠤ᠂ ᠨᠦᠬᠡ ᠮᠠᠯᠲᠠᠨ | ᠴᠢᠬᠢ ᠶᠢ ᠲᠦᠰᠢᠵᠦ᠂ ᠬᠠᠰᠢᠯᠭ᠎ᠠ ᠶᠢ ᠴᠢᠩᠭ᠎ᠠ ᠭᠢᠰᠬᠢᠵᠦ᠂ ᠠᠵᠢᠯ ᠤᠨ ᠳᠡᠰ ᠳᠠᠷᠠᠭ᠎ᠠ ᠪᠦᠷᠢ ᠶᠢ ᠨᠠᠷᠢᠨ ᠬᠢᠨᠠᠮᠠᠭᠠᠶ᠂ | ᠨᠢᠭᠡ ᠯᠡ ᠠᠮᠢᠰᠬᠤᠭ᠎ᠠ ᠪᠠᠷ ᠪᠡᠶᠡᠯᠡᠭᠦᠯᠦᠨ᠎ᠡ᠃ ᠣᠯᠠᠨ ᠤ ᠲᠠᠰᠤᠷᠠᠯᠲᠠ ᠥᠬᠡᠶ ᠴᠢᠷᠮᠠᠶᠢᠯᠭ᠎ᠠ ᠪᠠᠷ ᠳᠡᠮᠵᠢᠨ᠂ ᠨᠢᠭᠡ | ᠰᠠᠭᠤᠷᠢ ᠰᠠᠭᠤᠷᠢ ᠮᠣᠳᠣᠨ ᠴᠢᠬᠢ ᠭᠠᠵᠠᠷ ᠳᠡᠭᠡᠷ᠎ᠡ ᠲᠡᠷᠢ ᠲᠡᠭᠰᠢ ᠵᠢᠭᠰᠠᠵᠤ᠂ ᠬᠠᠪᠤᠷ ᠤᠨ ᠰᠠᠯᠬᠢᠨ ᠤ ᠢᠯᠪᠢᠯᠲᠡ | ᠳᠣᠤᠷ᠎ᠠ ᠰᠡᠬᠦᠶᠢᠨ ᠰᠦᠨᠳᠡᠷᠯᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ | ︽ᠠᠯᠪᠠᠨ ᠵᠢᠷᠤᠮ ᠤᠨ ᠮᠣᠳᠣ ᠲᠠᠷᠢᠬᠤ ᠨᠢ ᠠᠭᠤᠯᠠ ᠶᠢ ᠨᠣᠭᠤᠭᠠᠷᠠᠭᠤᠯᠵᠤ᠂ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠬᠤ ᠪᠠᠷ ᠪᠠᠷᠠᠬᠤ ᠦᠭᠡᠢ ᠪᠠᠰᠠ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠵᠤ ᠴᠢᠳᠠᠨ᠎ᠠ᠂ ᠲᠤᠰ ᠤᠳᠠᠭᠠᠨ ᠤ ᠠᠯᠪᠠᠨ ᠵᠢᠷᠤᠮ ᠤᠨ ᠮᠣᠳᠣ ᠲᠠᠷᠢᠬᠤ ᠪᠠᠷ | ᠳᠠᠮᠵᠢᠨ ᠨᠠᠳᠠ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠤᠢᠢᠯᠠᠭᠠᠭᠤᠯᠪᠠ᠂ | ᠬᠤᠶᠢᠰᠢᠳᠠ ᠪᠢ ᠬᠤᠯᠪᠣᠭᠳᠠᠯ ᠪᠦᠬᠦᠢ ᠰᠠᠶᠢᠨ ᠳᠤᠷ᠎ᠠ ᠶᠢᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠪᠤᠤ ᠱᠢ | ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃︾ ᠭᠡᠵᠦ | ᠪᠤᠤ ᠱᠢ ᠪᠠᠯᠭᠠᠰᠤᠨ ᠤ ᠺᠠᠳ᠋ᠷ ᠸᠠᠩ ᠲᠤᠤ ᠬᠡᠯᠡᠨ᠎ᠡ᠃ | ︽ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠠᠴᠠ ᠡᠮᠦᠨ᠎ᠡ᠂ ᠪᠢᠳᠡ ᠶᠡᠭᠡ ᠬᠡᠮᠵᠢᠶᠡᠨ ᠤ ᠪᠠᠶᠢᠴᠠᠭᠠᠨ | ᠰᠤᠳᠤᠯᠤᠯᠲᠠ ᠪᠠ ᠪᠠᠲᠤᠯᠠᠭ᠎ᠠ ᠶᠢᠨ ᠠᠵᠢᠯ ᠬᠢᠵᠦ᠂ ᠭᠠᠵᠠᠷ ᠰᠢᠨᠵᠢᠯᠡᠭᠡᠨ ᠤ ᠬᠥᠷᠥᠰᠥ ᠰᠢᠷᠣᠶ ᠶᠢᠨ ᠪᠠᠶᠢᠳᠠᠯ ᠢ | ᠤᠷᠢᠳᠴᠢᠯᠠᠨ ᠣᠶᠢᠯᠠᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠳᠣᠭᠢᠷᠠᠯᠴᠠᠭᠰᠠᠨ ᠴᠢᠬᠢ ᠮᠣᠳᠣ | ᠶᠢ ᠰᠣᠩᠭᠤᠪᠠ᠂ ᠲᠣᠰ ᠴᠢᠬᠢ ᠮᠣᠳᠣ ᠶᠢ ᠵᠠᠶᠢᠯᠠᠭᠰᠠᠨ ᠤ ᠳᠠᠷᠠᠭ᠎ᠠ ᠶᠡᠭᠡ ᠬᠡᠮᠵᠢᠶᠡᠨ ᠤ ᠨᠣᠭᠤᠭᠠᠷᠠᠭᠤᠯᠤᠯᠲᠠ ᠶᠢᠨ | ᠬᠥᠷᠥᠰᠥ ᠰᠢᠷᠣᠶ ᠶᠢᠨ ᠠᠷᠢᠯᠬᠤ ᠶᠢ ᠪᠠᠭᠠᠰᠬᠠᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠲᠠᠯᠠᠪᠠᠶ ᠪᠠᠷᠤᠭ 50 ᠮᠥ | ᠳᠤ ᠬᠦᠷᠴᠡᠶ᠃︾ ᠭᠡᠵᠦ ᠪᠤᠤ ᠱᠢ ᠪᠠᠯᠭᠠᠰᠤᠨ ᠤ ᠵᠠᠰᠠᠭ ᠤᠨ ᠣᠷᠳᠣᠨ ᠤ ᠣᠶ ᠰᠢᠭᠤᠶ ᠶᠢᠨ ᠥᠷᠲᠡᠭᠡᠨ ᠤ | ᠳᠠᠷᠤᠭ᠎ᠠ ᠸᠠᠩ ᠴᠢᠩ ᠪᠢᠨ ᠬᠡᠯᠡᠪᠡ᠃ | ᠲᠠᠷᠠᠭᠠᠴᠢ ᠶᠢᠨ ᠠᠯᠬᠤᠮ ᠳᠤ᠂ ᠪᠤᠤ ᠱᠢ ᠪᠠᠯᠭᠠᠰᠤ ᠨᠢ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠠᠵᠢᠯ ᠢ | ᠦᠷᠭᠦᠯᠵᠢᠯᠡᠨ ᠥᠷᠨᠢᠭᠦᠯᠵᠦ᠂ ᠪᠣᠬᠢᠷᠲᠤᠯ ᠥᠬᠡᠶ ᠠᠮᠢ ᠠᠬᠤᠶ ᠪᠠᠷ ᠳᠠᠮᠵᠢᠭᠤᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠠᠷᠢᠶ᠎ᠠ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠯᠠᠭᠠᠨ ᠱᠤᠭᠤᠮ ᠢ ᠪᠥᠬᠦ ᠬᠦᠴᠦᠨ ᠢᠶᠠᠷ ᠪᠣᠳᠠᠲᠠᠶᠢᠵᠢᠭᠤᠯᠤᠨ᠎ᠠ᠃ |