4 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ | ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠳᠦᠷᠢᠮ ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ | ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠵᠤ᠂ ᠪᠦᠭᠦ ᠤᠯᠤᠰ ᠤᠨ | ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠠᠴᠠ ᠮᠤᠵᠢ ︵ | ᠥᠪᠡᠷᠲᠡᠭᠡᠨ ᠵᠠᠰᠠᠬᠤ ᠣᠷᠣᠨ᠂ ᠬᠤᠲᠠ ︶ ᠶᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠲᠣᠭᠤᠷᠢᠨ ᠪᠠᠶᠢᠴᠠᠭᠠᠯᠲᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ᠂ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠦᠷᠢᠮ ᠤᠨ | ᠲᠣᠬᠢᠷᠠᠭᠤᠯᠤᠯᠲᠠ ᠪᠠᠶᠢᠵᠤ᠂ ᠨᠠᠮ ᠤᠨ ᠬᠤᠷᠴᠠ ᠵᠡᠪᠰᠡᠭ᠂ ᠤᠯᠤᠰ ᠤᠨ ᠬᠤᠷᠴᠠ ᠵᠡᠪᠰᠡᠭ ᠮᠥᠨ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ | ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠤᠯᠠᠨ ᠤᠳᠠᠭ᠎ᠠ ᠴᠢᠬᠤᠯᠠ | ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠲᠣᠭᠤᠷᠢᠨ ᠪᠠᠶᠢᠴᠠᠭᠠᠬᠤ ᠤᠨᠤᠯ᠂ ᠦᠢᠯᠡᠳᠦᠯᠭᠡ ᠪᠣᠯᠣᠨ | ᠳᠦᠷᠢᠮ ᠤᠨ ᠲᠠᠰᠤᠷᠠᠯᠳᠡ ᠦᠭᠡᠢ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠪᠠ᠃ ᠶᠡᠷᠦᠩᠬᠡᠢ ᠱᠦᠵᠢ ᠰᠢ ᠶᠢᠨ | ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠲᠣᠭᠤᠷᠢᠨ ᠪᠠᠶᠢᠴᠠᠭᠠᠬᠤ | ᠠᠵᠢᠯ ᠤᠨ ᠤᠯᠤᠰ ᠲᠦᠷᠦ ᠶᠢᠨ ᠪᠠᠶᠢᠷᠢ ᠲᠣᠭᠲᠠᠭᠠᠯᠲᠠ᠂ ᠠᠵᠢᠯ ᠤᠨ ᠴᠢᠭᠯᠡᠯᠲᠡ᠂ ᠬᠢᠨᠠᠯᠲᠠ ᠲᠠᠯᠪᠢᠬᠤ | ᠭᠤᠣᠯᠳᠠᠯᠭ᠎ᠠ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠵᠡᠷᠭᠡ ᠳᠤ ᠭᠦᠨᠵᠡᠭᠡᠢ ᠲᠠᠶᠢᠯᠪᠤᠷᠢᠯᠠᠯᠲᠠ ᠬᠢᠵᠦ᠂ | ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠷᠤᠭᠰᠢᠯᠠᠬᠤ ᠴᠢᠭᠯᠡᠯ ᠢ | ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠨᠡᠩ | ᠰᠠᠶᠢᠲᠤᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠪᠦᠭᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ | ᠬᠤᠭᠤᠴᠠᠭᠠᠨ ᠤ ᠲᠥᠪ ᠠᠴᠠ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ ︶ ᠶᠢ ᠲᠣᠭᠤᠷᠢᠨ | ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠠᠴᠠ 2025 ᠣᠨ ᠤ ᠲᠣᠭᠤᠷᠢᠨ ᠪᠠᠶᠢᠴᠠᠭᠠᠬᠤ | ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠵᠤ᠂ ᠲᠥᠪ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠵᠤᠷᠰᠢᠯᠲᠤ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ ᠭᠡᠵᠦ ᠲᠣᠳᠣᠷᠬᠠᠶᠢᠯᠠᠪᠠ᠃ ᠪᠦᠭᠦ ᠣᠷᠣᠨ ᠤ | ᠡᠯ᠎ᠡ ᠱᠠᠲᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠭᠰᠠᠨ | ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠥᠨᠳᠥᠷᠴᠡ ᠠᠴᠠ ᠲᠥᠪ ᠤᠨ | ᠲᠣᠭᠤᠷᠢᠨ ᠪᠠᠶᠢᠴᠠᠭᠠᠯᠲᠠ ᠶᠢ ᠦᠵᠡᠬᠦ ᠪᠠ ᠬᠠᠨᠳᠤᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠲᠥᠪ | ᠴᠢᠩᠭ᠎ᠠ ᠨᠠᠷᠢᠨ ᠬᠢᠨᠠᠮᠠᠭᠠᠢ ᠬᠦᠯᠢᠶᠡᠬᠦ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠭᠤᠣᠯᠳᠠᠯᠭ᠎ᠠ ᠶᠢ | ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠲᠠᠢ ᠬᠠᠷᠭᠤᠭᠤᠯᠤᠨ ᠡᠮᠬᠢᠯᠡᠵᠦ ᠪᠦᠷᠢᠳᠬᠡᠬᠦ᠂ | ᠰᠠᠶᠢᠵᠢᠷᠠᠭᠤᠯᠵᠤ ᠳᠡᠭᠡᠭᠰᠢᠯᠡᠭᠦᠯᠭᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠲᠣᠭᠤᠷᠢᠨ ᠪᠠᠶᠢᠴᠠᠭᠠᠯᠲᠠ ᠪᠠᠷ ᠠᠵᠠ | ᠲᠣᠭᠢᠶᠠᠯ ᠪᠤᠯᠭᠠᠵᠤ ᠬᠦᠴᠢᠷ ᠠᠰᠠᠭᠤᠳᠠᠯ ᠢ ᠰᠢᠢᠳᠪᠦᠷᠢᠯᠡᠨ ᠬᠥᠭᠵᠢᠯᠲᠡ ᠶᠢ ᠠᠬᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠣᠨ ᠨᠠᠮ ᠤᠨ ᠲᠥᠪ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠲᠥᠪ ᠤᠨ ᠲᠣᠭᠤᠷᠢᠨ | ᠪᠠᠶᠢᠴᠠᠭᠠᠯᠲᠠ ᠶᠢ ᠪᠦᠭᠦ ᠬᠦᠴᠦᠨ ᠢᠶᠠᠷ ᠢᠶᠠᠨ ᠳᠡᠮᠵᠢᠵᠦ ᠬᠠᠮᠵᠢᠯᠴᠠᠨ᠂ ︽ᠲᠣᠭᠤᠷᠢᠨ ᠪᠠᠶᠢᠴᠠᠭᠠᠭᠳᠠᠬᠤ ᠨᠠᠮ ᠤᠨ | ᠵᠣᠬᠢᠶᠠᠨ ᠪᠠᠶᠢᠭᠤᠯᠤᠯᠲᠠ ᠲᠥᠪ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠠᠵᠢᠯ ᠤᠨ ᠲᠣᠭᠲᠠᠭᠠᠯ | ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠬᠢᠷᠠᠭᠤᠯᠤᠯᠲᠠ ᠶᠢ ᠳᠠᠭᠠᠵᠤ᠂ ᠰᠠᠬᠢᠯᠭ᠎ᠠ ᠪᠠᠲᠤ ᠶᠢ ᠴᠢᠩᠳᠠᠯᠠᠵᠤ | ᠂ ᠭᠦᠢᠴᠡᠳ ᠪᠡᠯᠡᠳᠬᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠱᠠᠯᠠᠪᠳᠠᠭᠤᠯᠤᠨ ᠰᠠᠶᠢᠲᠤᠷ | ᠠᠳᠬᠤᠵᠤ᠂ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠡᠯ᠎ᠡ ᠲᠦᠷᠦᠯ ᠤᠨ ᠠᠰᠠᠭᠤᠳᠠᠯ ᠢ ᠪᠠᠷᠢᠨ | ᠮᠡᠳᠡᠵᠦ ᠪᠠᠷᠢᠨ ᠴᠡᠭᠴᠡᠯᠡᠨ ᠰᠠᠶᠢᠵᠢᠷᠠᠭᠤᠯᠵᠤ᠂ ᠦᠨᠡᠨ ᠬᠦ ᠴᠡᠭᠴᠡᠯᠡᠨ ᠰᠠᠶᠢᠵᠢᠷᠠᠭᠤᠯᠵᠤ ᠪᠣᠳᠠᠲᠠᠢ ᠴᠡᠭᠴᠡᠯᠡᠨ | ᠰᠠᠶᠢᠵᠢᠷᠠᠭᠤᠯᠵᠤ᠂ ᠬᠤᠯᠪᠤᠭᠠᠯᠠᠨ ᠴᠡᠭᠴᠡᠯᠡᠨ ᠰᠠᠶᠢᠵᠢᠷᠠᠭᠤᠯᠵᠤ᠂ ᠦᠳᠲᠡᠷ ᠲᠦᠷᠭᠡᠨ ᠦᠷ᠎ᠡ ᠪᠦᠲᠦᠮᠵᠢ | ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠲᠣᠭᠤᠷᠢᠨ ᠪᠠᠶᠢᠴᠠᠭᠠᠬᠤ ᠪᠠ ᠪᠤᠰᠤᠳ ᠡᠯ᠎ᠡ ᠵᠦᠢᠯ ᠤᠨ ᠠᠵᠢᠯ ᠢ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ | ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠢ ᠤᠶᠠᠯᠳᠤᠭᠤᠯᠵᠤ | ᠂ ᠪᠦᠭᠦ ᠬᠦᠴᠦᠨ ᠢᠶᠠᠷ ᠢᠶᠠᠨ ᠡᠯ᠎ᠡ ᠵᠦᠢᠯ ᠤᠨ ᠡᠭᠦᠷᠭᠡ ᠶᠢ ᠴᠢᠩᠭ᠎ᠠ ᠠᠳᠬᠤᠨ ᠰᠠᠶᠢᠲᠤᠷ ᠠᠳᠬᠤᠵᠤ᠂ ᠬᠤᠶᠠᠷ ᠢ | ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |