ᠴᠢᠬᠢ ᠮᠣᠳᠣᠨ ᠤ ᠠᠵᠤ ᠦᠢᠯᠡᠰ ᠨᠢ ᠪᠣᠬᠢᠷᠲᠤᠯ ᠦᠭᠡᠢ ᠪᠠᠷ ᠠᠷᠠᠳ ᠢ ᠪᠠᠶᠠᠵᠢᠭᠤᠯᠬᠤ ᠵᠠᠮ ᠢ ᠪᠠᠶᠢᠭᠤᠯᠪᠠ
ᠨᠡᠶᠢᠲᠡᠯᠡᠭᠰᠡᠨ ᠴᠠᠭ᠄
2025/4/15
   ᠠᠭᠠᠷ ᠤᠨ ᠳᠤᠯᠠᠭᠠᠨ ᠠᠭᠠᠵᠢᠮ ᠢᠶᠠᠷ ᠲᠤᠯᠠᠭᠠᠷᠠᠬᠤ ᠶᠢ ᠳᠠᠭᠠᠯᠳᠤᠨ᠂ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠾᠧ ᠱᠧᠩ ᠲᠣᠰᠬᠤᠨ ᠤ ᠴᠢᠬᠢ ᠮᠣᠳᠣ ᠴᠤ ᠪᠣᠷᠣᠯᠠᠭᠤᠯᠭ᠎ᠠ ᠶᠢᠨ ᠢᠳᠡ ᠤᠯᠠᠷᠢᠯ ᠳᠤ ᠣᠷᠣᠵᠤ᠂ ᠴᠢᠬᠢ ᠮᠣᠳᠣ ᠲᠠᠷᠢᠬᠴᠢ ᠪᠣᠯᠤᠨ ᠴᠢᠬᠢ ᠮᠣᠳᠣ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠬᠤᠶᠢᠨ᠎ᠠ ᠬᠤᠶᠢᠨ᠎ᠠ  ᠠᠴᠠ ᠪᠠᠨ ᠶᠠᠭᠠᠷᠠᠯᠲᠠᠢ ᠠᠵᠢᠯᠯᠠᠵᠤ᠂ ᠰᠢᠨ᠎ᠡ ᠨᠢᠭᠡ ᠵᠢᠯ ᠤᠨ ᠰᠢᠷᠭᠠᠭᠤ ᠴᠢᠷᠮᠠᠶᠢᠯᠭ᠎ᠠ ᠪᠠᠨ ᠡᠬᠢᠯᠡᠭᠦᠯᠵᠡᠢ᠃    ᠾᠧ ᠱᠧᠩ ᠲᠣᠰᠬᠤᠨ ᠤ ᠵᠠᠩ ᠮᠢᠩ ᠤᠨ ᠴᠢᠬᠢ ᠮᠣᠳᠣ ᠪᠣᠶᠢᠵᠢᠭᠤᠯᠬᠤ ᠰᠠᠭᠤᠷᠢᠨ ᠳᠤ᠂ ᠮᠥᠷ ᠮᠥᠷ ᠴᠢᠬᠢ ᠮᠣᠳᠣ ᠰᠡᠬᠦᠶᠢᠨ ᠰᠦᠨᠳᠡᠷᠯᠡᠵᠦ᠂ ᠪᠣᠷᠣᠯᠠᠭᠤᠯᠭ᠎ᠠ ᠶᠢ ᠬᠦᠯᠢᠶᠡᠵᠦ ᠪᠠᠶᠢᠯ᠎ᠠ᠃ ᠡᠲᠡᠭᠡᠷ ᠴᠢᠬᠢ ᠮᠣᠳᠣᠨ ᠤ ᠲᠥᠷᠥᠯ ᠵᠦᠶᠯ ᠨᠢ ᠡᠯᠪᠡᠭ ᠪᠠᠶᠠᠯᠢᠭ ᠪᠠᠶᠢᠵᠤ᠂ ᠲᠠᠬᠢᠶᠠᠨ ᠵᠢᠷᠦᠬᠡᠨ ᠵᠢᠮᠢᠰ᠂ ᠯᠦᠩ ᠹᠧᠩ ᠵᠢᠮᠢᠰ᠂ ᠨᠠᠨ ᠭᠦᠸᠧ ᠠᠯᠢᠮ᠎ᠠ ᠶᠢ
ᠬᠠᠮᠤᠷᠴᠤ᠂ ᠬᠡᠷᠡᠭᠯᠡᠭᠴᠢᠳ ᠤᠨ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃
   ᠵᠠᠩ ᠮᠢᠩ ᠪᠣᠯ ᠲᠣᠰᠬᠤᠨ ᠤ ᠠᠯᠳᠠᠷᠲᠤ ᠴᠢᠬᠢ ᠪᠣᠶᠢᠵᠢᠭᠤᠯᠬᠤ ︽ᠴᠢᠳᠠᠪᠤᠷᠢᠲᠠᠨ︾ ᠮᠥᠨ᠂ ᠠᠩᠬ᠎ᠠ ᠡᠬᠢᠨ  ᠳᠡᠭᠡᠨ ᠬᠠᠳᠠᠮ ᠠᠪᠤ ᠪᠠᠨ ᠬᠠᠪᠰᠤᠷᠤᠨ ᠰᠣᠷᠭᠤᠭ ᠵᠢᠮᠢᠰ ᠲᠡᠭᠦᠬᠦ ᠮᠠᠶᠢᠮᠠᠶ ᠬᠢᠵᠦ ᠪᠠᠶᠢᠭᠰᠠᠨ ᠠᠴᠠ ᠪᠠᠨ ᠣᠲᠣ ᠪᠣᠯᠲᠠᠯ᠎ᠠ ᠡᠬᠡᠨᠡᠷ ᠲᠠᠢ ᠪᠠᠨ 20 ᠮᠥ ᠴᠢᠬᠢ ᠪᠣᠶᠢᠵᠢᠭᠤᠯᠬᠤ ᠰᠠᠭᠤᠷᠢᠨ ᠭᠠᠵᠠᠷ ᠢ ᠲᠤᠰᠠᠭᠠᠷ ᠡᠵᠡᠩᠨᠡᠵᠦ ᠪᠠᠶᠢᠨ᠎ᠠ᠃ ᠴᠢᠬᠢ ᠮᠣᠳᠣ ᠪᠣᠶᠢᠵᠢᠭᠤᠯᠬᠤ ᠠᠵᠤ ᠦᠢᠯᠡᠰ ᠢ ᠬᠥᠭᠵᠢᠭᠦᠯᠦᠭᠰᠡᠨ 30 ᠭᠠᠷᠤᠢ ᠵᠢᠯ ᠳᠤ᠂ ᠲᠡᠷᠡ ᠵᠢᠮᠢᠰ ᠤᠨ ᠮᠣᠳᠣ ᠶᠢ ᠪᠣᠶᠢᠵᠢᠭᠤᠯᠬᠤ ᠳᠤ ᠲᠦᠰᠢᠭᠯᠡᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ᠂ ᠬᠡᠳᠦᠨ ᠲᠦᠮᠡᠨ ᠵᠢᠮᠢᠰ  ᠤᠨ ᠴᠢᠬᠢ ᠮᠣᠳᠣ ᠴᠤ ᠲᠡᠭᠦᠨ ᠤ ︽ᠬᠦᠷᠢᠶ᠎ᠡ ᠬᠠᠰᠢᠶ᠎ᠠ︾ ᠠᠴᠠ ᠬᠤᠳᠠ᠂ ᠠᠭᠯᠠᠭ ᠠᠭᠤᠯᠠᠨ ᠳᠤ ᠬᠦᠷᠴᠦ᠂ ᠨᠡᠩ ᠴᠤ ᠠᠮᠢᠵᠢᠷᠠᠯ ᠤᠨ ᠬᠦᠴᠦᠨ ᠢᠶᠠᠷ ᠪᠢᠯᠬᠠᠵᠠᠢ᠃    ︽ᠬᠡᠳᠦᠨ ᠵᠢᠯ ᠤᠨ ᠡᠮᠦᠨ᠎ᠡ ᠲᠡᠳᠡᠨ ᠤ ᠴᠢᠬᠢ ᠮᠣᠳᠣ ᠶᠢ ᠬᠤᠳᠠᠯᠳᠤᠨ ᠠᠪᠴᠤ ᠥᠩᠭᠡᠷᠡᠵᠡᠢ᠂ ᠴᠢᠬᠢ ᠮᠣᠳᠣᠨ  ᠤ ᠶᠠᠰᠤ ᠴᠢᠨᠠᠷ ᠰᠠᠶᠢᠨ᠂ ᠵᠢᠮᠢᠰᠯᠡᠬᠦ ᠨᠤᠷᠮ᠎ᠠ ᠥᠨᠳᠥᠷ᠂ ᠵᠠᠩᠭᠤᠶᠢᠳᠠ ᠶᠢᠨ ᠦᠢᠯᠡᠴᠢᠯᠡᠬᠦ ᠣᠪᠣᠷ ᠪᠠᠰᠠ ᠰᠠᠶᠢᠨ᠂ ᠪᠢᠳᠡ ᠪᠣᠯ ᠮᠠᠰᠢ ᠰᠠᠶᠢᠨ ᠬᠠᠮᠲᠤᠷᠠᠯᠴᠠᠭᠠᠨ ᠤ ᠬᠠᠨᠢᠲᠠᠨ ᠮᠥᠨ᠃ ᠥᠨᠥᠳᠦᠷ ᠲᠤᠰᠬᠠᠶᠢᠯᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠠᠴᠠ 3000 ᠭᠠᠷᠤᠶ ᠴᠢᠬᠢ ᠮᠣᠳᠣ ᠬᠤᠳᠠᠯᠳᠤᠨ ᠠᠪᠴᠠᠶ᠃︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠣᠴᠢᠳ ᠭᠤᠤ ᠱᠠᠨ ᠬᠡᠯᠡᠪᠡ᠃
   ᠲᠠᠷᠢᠶᠠᠯᠠᠩ ᠤᠨ ᠰᠡᠯᠡᠭᠦᠦ ᠴᠠᠭ ᠲᠤ᠂ ᠵᠠᠩ ᠮᠢᠩ ᠲᠥᠬᠦᠮ ᠨᠥᠬᠦᠴᠡᠯ ᠢ ᠭᠦᠶᠴᠡᠳ ᠠᠰᠢᠭᠯᠠᠨ᠂ ᠰᠦᠯᠵᠢᠶᠡᠨ ᠳᠡᠭᠡᠷ᠎ᠡ᠂ ᠭᠠᠳᠠᠭᠰᠢ ᠭᠠᠷᠴᠤ ᠰᠢᠨᠵᠢᠯᠡᠬᠦ ᠤᠬᠠᠭᠠᠨᠴᠢ ᠪᠠᠷ ᠵᠠᠯᠭᠠᠵᠤ ᠪᠣᠶᠢᠵᠢᠭᠤᠯᠬᠤ ᠠᠷᠭ᠎ᠠ ᠶᠢ ᠰᠤᠷᠤᠯᠴᠠᠵᠤ᠂ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠨᠢᠭᠡᠨᠲᠡ ᠥᠪᠡᠷ ᠤᠨ ᠥᠪᠡᠷᠮᠢᠴᠡ ᠴᠢᠬᠢ ᠪᠣᠶᠢᠵᠢᠭᠤᠯᠬᠤ ᠮᠡᠷᠭᠡᠵᠢᠯ ᠢᠶᠠᠨ ᠰᠡᠳᠬᠢᠨ ᠭᠠᠷᠭᠠᠵᠠᠶ᠃ ︽ᠮᠠᠨ ᠤ ᠬᠡᠷ ᠤᠨ ᠴᠢᠬᠢ ᠮᠣᠳᠣ ᠪᠣᠯ ᠴᠥᠮ ᠦᠨᠳᠦᠰᠦ ᠰᠢᠯᠵᠢᠭᠦᠯᠦᠨ ᠵᠠᠶᠢᠯᠠᠵᠤ ᠪᠠᠶᠢᠭ᠎ᠠ ᠶᠤᠮ᠂ ᠦᠨᠳᠦᠰᠦ ᠶᠢ ᠰᠢᠭᠤᠳ ᠳᠠᠷᠢᠵᠤ ᠪᠠᠶᠢᠭ᠎ᠠ ᠴᠢᠬᠢ ᠮᠣᠳᠣ ᠠᠴᠠ ᠨᠢᠭᠡ ᠵᠢᠯ ᠢᠯᠡᠭᠦᠦ ᠤᠷᠭᠤᠵᠤ᠂ ᠦᠨᠳᠦᠰᠦ ᠶᠢᠨ ᠰᠢᠰᠲ᠋ᠧᠮ ᠨᠢ ᠨᠡᠯᠢᠶᠡᠳ ᠴᠢᠭᠢᠷᠠᠭ᠂ ᠡᠳᠡᠭᠡᠷᠡᠯᠲᠡ ᠶᠢᠨ ᠨᠣᠷᠮ᠎ᠠ ᠨᠢ ᠴᠦ ᠥᠨᠳᠥᠷ ᠪᠠᠶᠢᠵᠤ᠂ ᠵᠢᠯ ᠪᠦᠷᠢ ᠡᠷᠬᠢᠨ ᠲᠣᠭᠤᠷᠢᠨ ᠤ ᠭᠠᠵᠠᠷ ᠣᠷᠣᠨ ᠤ ᠴᠢᠬᠢ ᠮᠣᠳᠣ ᠬᠤᠳᠠᠯᠳᠤᠭᠴᠢ ᠢᠷᠡᠵᠦ ᠬᠤᠷᠢᠶᠠᠵᠤ ᠪᠠᠶᠢᠨ᠎ᠠ᠃ ᠪᠠᠰᠠ ᠨᠢᠭᠡ ᠬᠡᠰᠡᠭ ᠵᠢᠮᠢᠰ ᠤᠨ ᠵᠤᠯᠵᠠᠭ᠎ᠠ ᠮᠣᠳᠣ ᠶᠢ ᠬᠤᠲᠠ ᠶᠢᠨ ᠨᠣᠭᠤᠭᠠᠷᠠᠭᠤᠯᠤᠯᠲᠠ ᠳᠤ ᠬᠡᠷᠡᠭᠯᠡᠵᠦ ᠂ ᠦᠨ᠎ᠡ ᠨᠢ ᠬᠠᠮᠤᠭ ᠥᠨᠳᠥᠷ ᠲᠡᠭᠡᠨ ᠨᠢᠭᠡ ᠰᠠᠭᠤᠷᠢ 50 ᠲᠥᠭᠦᠷᠢᠭ ᠬᠦᠷᠳᠡᠭ᠃︾ ᠭᠡᠵᠦ ᠵᠠᠩ ᠮᠢᠩ ᠲᠠᠨᠢᠯᠴᠠᠭᠤᠯᠪᠠ᠃
   ᠨᠠᠬᠢᠶᠠᠨ ᠢᠯᠲᠠᠰᠤ ᠶᠢ ᠣᠭᠲᠣᠯᠵᠤ᠂ ᠠᠷᠠᠰᠤ ᠶᠢ ᠨᠢ ᠥᠪᠴᠢᠵᠦ᠂ ᠨᠠᠬᠢᠶᠠᠨ ᠢᠯᠲᠠᠰᠤ ᠶᠢ ᠰᠢᠭᠢᠳᠬᠡᠨ ᠣᠷᠣᠭᠤᠯᠵᠤ᠂ ᠨᠠᠬᠢᠶᠠᠨ ᠢᠯᠲᠠᠰᠤ ᠶᠢ ᠤᠶᠠᠨ᠎ᠠ…… ᠨᠢᠭᠡ ᠲᠣᠰᠬᠤᠨ ᠤ ᠠᠷᠠᠳ  ᠬᠣ᠋ ᠶᠠᠨ ᠴᠢᠩ ᠶᠠᠭ ᠲᠣᠰᠬᠤᠨ ᠤ ᠵᠠᠯᠠᠭᠤᠴᠤᠳ ᠲᠤ ᠵᠤᠯᠵᠠᠭ᠎ᠠ ᠮᠣᠳᠣ ᠵᠠᠯᠭᠠᠵᠤ ᠤᠷᠭᠤᠭᠤᠯᠬᠤ ᠤᠷ᠎ᠠ ᠮᠡᠷᠭᠡᠵᠢᠯ ᠢ ᠲᠠᠶᠢᠯᠪᠤᠷᠢᠯᠠᠬᠤ ᠪᠠᠷ ᠶᠠᠭᠠᠷᠠᠵᠤ ᠪᠠᠶᠢᠯ᠎ᠠ᠃ ᠡᠨᠡ ᠬᠦ ᠪᠣᠯᠪᠠᠰᠤᠷᠠᠩᠭᠤᠶ ᠪᠦᠷᠢᠨ ᠬᠥᠳᠡᠯᠭᠡᠭᠡᠨ ᠢ ᠵᠤᠯᠵᠠᠭ᠎ᠠ ᠮᠣᠳᠣ ᠵᠠᠯᠭᠠᠵᠤ ᠪᠠᠶᠢᠭ᠎ᠠ ᠬᠤᠭᠤᠴᠠᠭᠠᠨ ᠳᠤ ᠬᠤ᠋ ᠶᠠᠨ ᠴᠢᠩ ᠡᠳᠦᠷ ᠪᠦᠷᠢ ᠮᠢᠩᠭ᠎ᠠ ᠭᠠᠷᠤᠶ ᠤᠳᠠᠭ᠎ᠠ ᠳᠠᠪᠲᠠᠳᠠᠭ᠃ ᠬᠤ᠋ ᠶᠠᠨ ᠴᠢᠩ ᠤᠨ ᠲᠠᠨᠢᠯᠴᠠᠭᠤᠯᠤᠭᠰᠠᠨ ᠢᠶᠠᠷ᠂ ᠨᠠᠬᠢᠶ᠎ᠠ  ᠵᠠᠯᠭᠠᠬᠤ ᠠᠵᠢᠯ ᠬᠢᠭᠡᠳ 20 ᠰᠢᠬᠠᠮ ᠵᠢᠯ ᠪᠣᠯᠵᠤ ᠪᠠᠶᠢᠨ᠎ᠠ᠂ ᠨᠠᠬᠢᠶ᠎ᠠ ᠵᠠᠯᠭᠠᠬᠤ ᠶᠢ ᠣᠳᠣ ᠶᠢᠨ 0.25 ᠲᠥᠭᠦᠷᠢᠭ ᠢᠶᠠᠷ ᠪᠣᠳᠣᠪᠠᠯ᠂ ᠡᠳᠦᠷ ᠲᠤ 300 ᠲᠥᠭᠦᠷᠢᠭ ᠣᠯᠤᠨ᠎ᠠ᠃ ᠣᠯᠠᠨ ᠵᠢᠯ ᠤᠨ ᠵᠠᠯᠭᠠᠬᠤ ᠮᠡᠷᠭᠡᠵᠢᠯ ᠳᠤ ᠲᠦᠰᠢᠭᠯᠡᠨ ᠬᠤ᠋ ᠶᠠᠨ ᠴᠢᠩ ᠵᠢᠯ ᠪᠦᠷᠢ ᠢᠯᠡᠭᠦᠴᠡ 3 ᠲᠦᠮᠡ ᠭᠠᠷᠤᠶ ᠲᠥᠭᠦᠷᠢᠭ ᠤᠨ ᠣᠷᠣᠯᠭ᠎ᠠ ᠣᠯᠳᠠᠭ᠃ ︽ᠣᠲᠣ ᠨᠠᠩ ᠣᠯᠠᠨ ᠵᠠᠯᠠᠭᠤᠴᠤᠳ ᠵᠠᠯᠭᠠᠬᠤ ᠮᠡᠷᠭᠡᠵᠢᠯ ᠰᠤᠷᠬᠤ ᠶᠢ ᠬᠦᠰᠡᠵᠦ ᠪᠠᠶᠢᠨ᠎ᠠ᠂ ᠲᠠᠷᠢᠶᠠᠯᠠᠩ ᠤᠨ ᠰᠡᠯᠡᠭᠦᠦ ᠴᠠᠭ ᠲᠤ ᠴᠤ ᠪᠢ ᠣᠯᠠᠨ ᠳᠤ ᠵᠢᠭᠠᠵᠦ ᠦᠭᠬᠦ ᠳᠤᠷᠠᠲᠠᠶ᠂ ᠡᠨᠡ ᠨᠢ ᠮᠥᠨ ᠴᠦ ᠨᠢᠭᠡ ᠵᠦᠶᠯ ᠤᠨ ᠭᠠᠷ ᠤᠷᠠᠯᠠᠯ ᠤᠨ ᠤᠯᠠᠮᠵᠢᠯᠠᠯ ᠪᠤᠯᠤᠨ᠎ᠠ︾ ᠭᠡᠨ᠎ᠡ᠃
   ︽ᠨᠢᠭᠡ ᠭᠠᠵᠠᠷ ᠲᠤ ᠨᠢᠭᠡ ᠬᠥᠮᠦᠨ ᠢ ᠲᠡᠵᠢᠭᠡᠵᠦ︾᠂ ᠣᠶ ᠰᠢᠭᠤᠶ ᠵᠢᠮᠢᠰ ᠤᠨ ᠦᠶᠯᠡᠰ ᠢ ᠨᠠᠩ ᠰᠠᠶᠢᠲᠤᠷ ᠬᠥᠭᠵᠢᠭᠦᠯᠬᠦ ᠶᠢᠨ ᠲᠥᠯᠥᠭᠡ᠂ ᠾᠧ ᠱᠧᠩ ᠲᠤᠰᠬᠤᠨ ᠤ ᠯᠢ ᠬᠤᠸᠠ ᠴᠢᠬᠢ ᠮᠣᠳᠣᠨ ᠤ ᠲᠤᠰᠬᠠᠶ ᠬᠤᠷᠰᠢᠶ᠎ᠠ ᠶᠢ ᠪᠠᠶᠢᠭᠤᠯᠵᠤ᠂ ᠤᠷᠢᠳ ᠬᠤᠵᠢᠳ 57 ᠲᠠᠷᠢᠶᠠᠴᠢᠨ ᠡᠷᠦᠬᠡ ᠶᠢ ᠬᠤᠷᠰᠢᠶ᠎ᠠ ᠶᠢᠨ ᠪᠦᠷᠢᠯᠳᠦᠬᠦᠨ ᠪᠣᠯᠭᠠᠨ ᠬᠥᠭᠵᠢᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠶᠢᠨ ᠢᠷᠠᠭᠤ ᠠᠯᠳᠠᠷ ᠤᠨ ᠴᠣᠯᠠ ᠭᠥᠷᠳᠡᠪᠡ᠃ ᠣᠳᠣᠬᠠᠨ ᠪᠣᠯᠲᠠᠯ᠎ᠠ᠂ ᠬᠤᠷᠰᠢᠶ᠎ᠠ ᠨᠢ ᠪᠥᠬᠦ ᠲᠣᠰᠬᠤᠨ ᠤ ᠨᠡᠶᠢᠲᠡ 110 ᠡᠷᠦᠬᠡ ᠪᠠᠷ ᠳᠠᠶᠢᠴᠢᠯᠠᠵᠤ ᠴᠢᠬᠢ ᠮᠣᠳᠣ ᠪᠣᠶᠢᠵᠢᠭᠤᠯᠬᠤ ᠠᠵᠤ ᠦᠶᠯᠡᠰ ᠢ ᠬᠦᠭᠵᠢᠭᠦᠯᠵᠦ  ᠂ ᠶᠡᠷᠦᠩᠬᠡᠶ ᠲᠠᠯᠠᠪᠠᠶ ᠨᠢ 160 ᠮᠥ ᠳᠤ ᠬᠦᠷᠴᠦ᠂ ᠶᠢᠨ ᠬᠤᠩ ᠠᠯᠮᠤᠷᠠᠳ᠂ ᠯᠢ ᠽᠢ ᠵᠡᠷᠭᠡ 10 ᠭᠠᠷᠤᠶ ᠲᠥᠷᠥᠯ ᠵᠦᠶᠯ᠂ 3 ᠵᠠᠭᠤᠨ ᠲᠦᠮᠡᠨ ᠰᠠᠭᠤᠷᠢ ᠵᠢᠮᠢᠰ ᠤᠨ ᠴᠢᠬᠢ ᠶᠢ ᠪᠣᠶᠢᠵᠢᠭᠤᠯᠵᠤ᠂ ᠾᠧ ᠱᠧᠩ ᠲᠣᠰᠬᠤᠨ ᠤ ᠴᠢᠬᠢ ᠮᠣᠳᠣ ᠪᠣᠶᠢᠵᠢᠭᠤᠯᠬᠤ ᠠᠵᠤ ᠦᠶᠯᠡᠰ ᠤᠨ ᠪᠦᠷᠬᠦᠴᠡ ᠶᠢᠨ ᠨᠣᠷᠮ᠎ᠠ ᠶᠢ 100 % ᠪᠠᠷ ᠪᠡᠶᠡᠯᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号