ᠵᠡᠭᠦᠨ ᠳᠥᠷᠥᠯᠵᠢ ᠪᠠᠯᠭᠠᠰᠤ ︽ᠭᠤᠷᠪᠠᠨ ᠠᠯᠬᠤᠮ ᠢᠶᠠᠷ ᠶᠠᠪᠤᠵᠤ︾ ᠤᠨᠴᠠᠭᠠᠢ ᠴᠠᠭ ᠠᠭᠤᠷ ᠢ ᠠᠷᠭᠠᠴᠠᠨ᠎ᠠ
ᠨᠡᠶᠢᠲᠡᠯᠡᠭᠰᠡᠨ ᠴᠠᠭ᠄
2025/4/15
   4 ᠰᠠᠷ᠎ᠠ ᠶᠢᠨ 10 ᠤ ᠡᠳᠦᠷ ᠠᠴᠠ ᠨᠠᠰᠢ᠂ ᠣᠨᠴᠠᠭᠠᠶ ᠴᠠᠭ ᠠᠭᠤᠷ ᠤᠨ ᠬᠠᠲᠠᠭᠤ ᠴᠢᠩᠭ᠎ᠠ ᠥᠷᠢᠰᠥᠯᠳᠦᠭᠡᠨ  ᠤ ᠡᠮᠦᠨ᠎ᠡ᠂ ᠵᠡᠭᠦᠨ ᠲᠦᠷᠦᠯᠵᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠳᠡᠪᠬᠢᠲᠡᠶ ᠬᠥᠳᠡᠯᠦᠯᠴᠡᠵᠦ᠂ ᠪᠥᠬᠦ ᠲᠠᠯ᠎ᠠ ᠪᠠᠷ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠵᠤ᠂ ᠪᠥᠬᠦ ᠪᠠᠯᠭᠠᠰᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠵᠦᠶᠯ ᠤᠨ ᠠᠷᠭᠠᠴᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ  ᠢᠶᠠᠨ ᠪᠠᠲᠤᠯᠠᠪᠠ᠃
   ᠲᠦᠷᠭᠡᠨ ᠪᠠᠶᠢᠷᠢᠯᠠᠭᠤᠯᠵᠤ᠂ ᠨᠠᠷᠢᠨ ᠨᠢᠭᠲᠠ ᠪᠠᠶᠢᠷᠢᠯᠠᠭᠤᠯᠤᠨ ᠨᠠᠶᠢᠳᠠᠪᠤᠷᠢᠵᠢᠭᠤᠯᠤᠨ᠎ᠠ    ᠣᠨᠴᠠᠭᠠᠶ ᠴᠠᠭ ᠠᠭᠤᠷ ᠤᠨ ᠰᠡᠷᠡᠮᠵᠢᠯᠡᠭᠦᠯᠦᠯ ᠢ ᠤᠯᠤᠭᠰᠠᠨ ᠲᠡᠷᠡ ᠳᠠᠷᠤᠶ ᠳᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠵᠠᠰᠠᠭ ᠤᠨ ᠤᠳᠤᠷᠢᠳᠬᠤ ᠪᠠᠭ ᠤᠨ ᠬᠤᠷᠠᠯ ᠢ ᠦᠳᠲᠡᠷ ᠲᠦᠷᠭᠡᠨ ᠬᠤᠷᠠᠯᠳᠤᠭᠤᠯᠵᠤ᠂ ᠠᠷᠭᠠᠴᠠᠬᠤ ᠤᠬᠠᠭᠤᠯᠭ᠎ᠠ ᠪᠠᠨ ᠴᠢᠩᠭᠠᠳᠬᠠᠨ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠵᠡᠷᠭᠡ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ ᠨᠠᠷᠢᠨ ᠨᠢᠮᠪᠠᠶ ᠲᠥᠰᠦᠯ ᠲᠣᠭᠲᠠᠭᠠᠪᠠ᠃ ᠬᠤᠷᠠᠯ ᠠᠴᠠ᠂ ᠪᠠᠯᠭᠠᠰᠤ ᠲᠣᠰᠬᠤᠨ ᠬᠤᠶᠠᠷ ᠱᠠᠲᠤ 24 ᠴᠠᠭ ᠤᠨ ᠲᠤᠰᠬᠠᠶ ᠬᠥᠮᠦᠨ ᠢᠶᠠᠷ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ  ᠤᠨ ᠪᠠᠶᠢᠷᠢ ᠳᠠᠭᠠᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠭᠠᠮᠰᠢᠭ ᠤᠨ ᠪᠠᠶᠢᠳᠠᠯ ᠭᠠᠷᠪᠠᠯ ᠲᠡᠷᠡ ᠳᠠᠷᠤᠶ ᠳᠤᠨᠢ ᠴᠤᠤᠷᠢᠶᠠᠲᠤᠨ ᠳᠠᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃
   ᠣᠯᠠᠨ ᠡᠰᠢᠲᠦ ᠤᠬᠠᠭᠤᠯᠭ᠎ᠠ ᠶᠢ ᠲᠦᠭᠡᠮᠡᠯᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠯᠭᠡ ᠶᠢ ᠬᠠᠮᠲᠤ ᠤᠯᠠᠮᠵᠢᠯᠠᠪᠠ    ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠯᠠᠨ ᠡᠰᠢᠵᠢᠭᠰᠡᠨ ᠤᠬᠠᠭᠤᠯᠭ᠎ᠠ ᠶᠢᠨ ᠠᠷᠭ᠎ᠠ ᠵᠠᠮ  ᠢ ᠭᠦᠶᠴᠡᠳ ᠠᠰᠢᠭᠯᠠᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠪᠠ ᠭᠠᠮᠰᠢᠭ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠸᠢᠴᠠᠲ ᠤᠨ ᠪᠦᠯᠦᠭᠯᠡᠯ  ᠤᠨ ᠴᠠᠭ ᠲᠤᠬᠠᠶᠢᠴᠢ ᠴᠢᠨᠠᠷ ᠲᠤ ᠲᠦᠰᠢᠭᠯᠡᠨ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ  ᠶᠢ ᠣᠯᠠᠨ ᠲᠦᠮᠡᠨ ᠨᠢᠭᠡᠪᠦᠷᠢ ᠳᠤ ᠲᠦᠷᠭᠡᠨ ᠳᠠᠮᠵᠢᠭᠤᠯᠤᠨ᠎ᠠ︔ ᠲᠣᠮᠣ ᠪᠦᠷᠢᠶ᠎ᠡ ᠢᠶᠠᠷ ᠲᠣᠭᠲᠠᠭᠰᠠᠨ ᠴᠠᠭ ᠲᠠᠢ ᠨᠡᠪᠲᠡᠷᠡᠭᠦᠯᠵᠦ᠂ ᠣᠯᠠᠨ ᠲᠦᠮᠡᠨ ᠲᠠᠢ ᠣᠶᠢᠷᠠᠳᠬᠤ ᠬᠡᠯᠪᠡᠷᠢ ᠪᠠᠷ ᠤᠨᠴᠠᠭᠠᠢ ᠠᠭᠤᠷ ᠠᠮᠢᠰᠬᠤᠯ ᠤᠨ ᠬᠠᠮᠢᠶ᠎ᠠ ᠪᠦᠬᠦᠢ ᠰᠤᠷᠠᠭ ᠴᠢᠮᠡᠭᠡ ᠶᠢ ᠲᠣᠰᠬᠤᠨ ᠳᠤ ᠳᠠᠮᠵᠢᠭᠤᠯᠤᠨ᠎ᠠ︔ ᠠᠵᠢᠯᠲᠠᠳ ᠠᠶᠢᠯ ᠡᠷᠦᠬᠡ ᠪᠠᠷ ᠢᠳᠡᠪᠬᠢᠲᠡᠶ ᠶᠠᠪᠤᠵᠤ᠂ ᠳᠠᠯᠳᠠ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃
   ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠵᠦ᠂ ᠠᠷᠠᠳ ᠤᠨ ᠠᠮᠢᠳᠤᠷᠠᠯ ᠢ ᠵᠣᠬᠢᠴᠠᠭᠤᠯᠤᠨ ᠪᠠᠲᠤᠯᠠᠪᠠ    4 ᠰᠠᠷ᠎ᠠ ᠶᠢᠨ 12 ᠤᠨ ᠡᠳᠦᠷ ᠤᠨ ᠥᠷᠯᠥᠭᠡ ᠡᠷᠲᠡ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠡᠷᠡ ᠳᠠᠷᠤᠶ ᠳᠤ ᠪᠥᠬᠦ ᠪᠠᠯᠭᠠᠰᠤᠨ ᠤ ᠡᠯ᠎ᠡ ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠵᠠᠮ ᠳᠡᠭᠡᠷ᠎ᠡ ᠬᠤᠷᠠᠭᠰᠠᠨ ᠴᠠᠰᠤ ᠪᠣᠯᠤᠨ ᠰᠠᠭᠠᠳ ᠲᠣᠳᠬᠠᠷ ᠢ ᠪᠥᠬᠦ ᠬᠦᠴᠦᠨ ᠢᠶᠠᠷ ᠢᠶᠠᠨ ᠴᠡᠪᠡᠷᠯᠡᠵᠦ᠂ ᠡᠯ᠎ᠡ ᠲᠣᠰᠬᠤᠨ ᠤ ︽ᠬᠤᠶᠠᠷ ᠵᠥᠪᠯᠡᠯ︾᠂ ᠰᠠᠶᠢᠨ ᠳᠤᠷᠠᠴᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠬᠠᠮᠵᠢᠯᠴᠠᠨ ᠪᠠᠶᠢᠯᠳᠤᠵᠤ᠂ ᠣᠨᠴᠠᠭᠠᠶ ᠴᠠᠭ ᠠᠭᠤᠷ ᠤᠨ ᠨᠥᠯᠥᠭᠡ ᠳᠣᠤᠷ᠎ᠠ᠂ ᠠᠷᠠᠳ ᠤᠨ ᠠᠮᠢᠳᠤᠷᠠᠯ ᠢ ᠬᠠᠮᠤᠭ  ᠤᠨ ᠶᠡᠭᠡ ᠬᠡᠮᠵᠢᠶ᠎ᠡ ᠪᠠᠷ ᠪᠠᠲᠤᠯᠠᠵᠤ᠂ ᠪᠥᠬᠦ ᠪᠠᠯᠭᠠᠰᠤᠨ ᠤ ᠡᠮᠬᠢ ᠳᠢᠭᠯᠢᠮ ᠢᠶᠠᠨ ᠪᠠᠲᠤᠯᠠᠵᠤ᠂ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠪᠠᠲᠤ ᠪᠠᠬᠢ ᠰᠠᠬᠢᠨ ᠬᠠᠮᠠᠭᠠᠯᠠᠯᠲᠠ ᠪᠠᠷ ᠪᠥᠬᠦ ᠪᠠᠯᠭᠠᠰᠤᠨ ᠤ ᠦᠨᠳᠦᠰᠦᠲᠡᠨ ᠨᠦᠭᠦᠳ  ᠤᠨ ᠣᠯᠠᠨ ᠲᠦᠮᠡᠨ ᠳᠤ ᠠᠶᠤᠯ ᠲᠦᠭᠰᠢᠭᠦᠷᠢ ᠶᠢᠨ ᠳᠤᠮᠳᠠ ᠰᠡᠳᠬᠢᠯ ᠠᠮᠤᠷ ᠬᠠᠯᠠᠭᠤᠨ ᠳᠤᠯᠠᠭᠠᠨ ᠰᠠᠨᠠᠭᠳᠠᠭᠤᠯᠵᠠᠶ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号