4 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠦᠭᠦ | ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠬᠤᠷᠠᠯᠳᠤᠭᠤᠯᠪᠠ | ᠃ ᠸᠠᠩ ᠯᠢ ᠰᠢᠶᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠬᠤᠸᠠᠩ ᡁᠢ ᠴᠢᠶᠠᠩ ᠬᠤᠷᠠᠯ ᠢ | ᠡᠷᠭᠢᠯᠡᠵᠦ᠂ ᠴᠧᠨ ᠯᠦ ᠱᠧᠩ ᠬᠤᠷᠠᠯ ᠳᠤ ᠣᠷᠣᠯᠴᠠᠵᠠᠢ᠃ | ᠬᠤᠷᠠᠯ ᠠᠴᠠ ᠪᠦᠭᠦ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ | ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2024 ᠣᠨ ᠤ ᠪᠦᠭᠦ ᠣᠷᠣᠨ ᠤ ᠦᠶᠡᠷ ᠢ ᠰᠡᠷᠭᠡᠶᠢᠯᠡᠵᠦ | ᠭᠠᠩ ᠬᠠᠭᠰᠠᠷᠠᠭᠠᠨ ᠲᠠᠢ ᠲᠡᠮᠡᠴᠡᠭᠰᠡᠨ ᠠᠵᠢᠯ ᠤᠨ ᠶᠡᠷᠦᠩᠬᠡᠢ ᠪᠠᠶᠢᠳᠠᠯ ᠢ ᠮᠡᠳᠡᠭᠳᠡᠵᠦ᠂ 2025 ᠣᠨ ᠤ | ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠤᠰᠤᠨ ᠠᠰᠢᠭᠯᠠᠯᠲᠠ᠂ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠮᠠᠯ ᠠᠵᠤ ᠠᠬᠤᠢ ᠲᠠᠷᠢᠶᠠᠯᠠᠩ ᠵᠡᠷᠭᠡ | ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ᠬᠠᠨᠳᠤᠯᠭᠠᠲᠤ ᠴᠢᠨᠠᠷᠲᠠᠢ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠦᠭᠰᠢᠭᠦᠷᠢᠳᠤ ᠤᠬᠠᠮᠰᠠᠷ ᠪᠣᠯᠣᠨ ᠬᠤᠷᠢᠭ᠎ᠠ ᠱᠤᠭᠤᠮ ᠤᠨ | ᠰᠡᠳᠬᠢᠬᠦᠢ ᠪᠠᠨ ᠴᠢᠩᠭᠠᠳᠬᠠᠵᠤ᠂ ᠰᠡᠷᠭᠡᠶᠢᠯᠡᠬᠦ᠂ ᠪᠠᠭᠠᠰᠬᠠᠬᠤ᠂ ᠠᠪᠤᠷᠠᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠭᠦ | ᠲᠠᠯ᠎ᠠ ᠪᠠᠷ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠰᠠᠨᠠᠭᠠᠴᠢᠯᠠᠭᠠᠲᠤ | ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ | ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠭᠤᠣᠯ ᠮᠥᠷᠡᠨ ᠨᠠᠭᠤᠷ ᠪᠦᠷᠢᠳᠦ ᠤᠰᠤᠨ ᠴᠥᠭᠦᠷᠥᠮ᠂ ᠵᠠᠰᠠᠮᠠᠯ | ᠵᠠᠮ ᠲᠡᠮᠦᠷ ᠵᠠᠮ᠂ ᠠᠭᠤᠯᠠᠨ ᠭᠤᠤ ᠬᠤᠲᠣᠭᠤᠷ ᠭᠠᠵᠠᠷ ᠵᠡᠷᠭᠡ ᠬᠡᠰᠡᠭ ᠤᠨ ᠠᠶᠤᠯ ᠲᠦᠭᠰᠢᠭᠦᠷᠢ ᠭᠡᠮ ᠰᠣᠭᠤᠭ ᠢ | ᠭᠦᠨᠵᠡᠭᠡᠢ ᠵᠢᠭᠰᠠᠭᠠᠨ ᠪᠠᠶᠢᠴᠠᠭᠠᠵᠤ᠂ ᠨᠢᠭᠡᠳ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠤᠨ ᠴᠡᠭᠴᠡᠯᠡᠨ ᠵᠠᠰᠠᠵᠤ᠂ | ︽ᠬᠥᠮᠥᠨ ᠤ ᠬᠦᠴᠦᠨ ᠤ ᠰᠡᠷᠭᠡᠶᠢᠯᠡᠯᠲᠡ + ᠮᠡᠷᠭᠡᠵᠢᠯ ᠤᠨ ᠰᠡᠷᠭᠡᠶᠢᠯᠡᠯᠲᠡ ︾ ᠶᠢᠨ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠵᠤ᠂ ᠢᠯᠠᠩᠭᠤᠶ᠎ᠠ ᠠᠭᠤᠯᠠᠨ ᠦᠶᠡᠷ ᠪᠣᠯᠣᠨ ᠬᠤᠳᠠ ᠶᠢᠨ ᠤᠰᠤᠲᠤᠯ ᠵᠡᠷᠭᠡ ᠭᠠᠮᠰᠢᠭ | ᠡᠭᠦᠰᠬᠦ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠢ᠃ ︽ᠰᠡᠷᠭᠡᠶᠢᠯᠡᠬᠦ ︾ ᠴᠢᠳᠠᠪᠤᠷᠢ ᠪᠣᠯᠣᠨ ᠲᠦᠪᠰᠢᠨ ᠢᠶᠠᠨ ᠨᠡᠮᠡᠭᠳᠡᠭᠦᠯᠵᠦ᠂ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠲᠤᠰᠬᠠᠢ ᠴᠢᠨᠠᠷ᠂ ᠬᠢᠨᠠᠨ ᠬᠡᠮᠵᠢᠵᠦ ᠰᠡᠷᠡᠮᠵᠢᠯᠡᠭᠦᠯᠭᠦ ᠣᠨᠣᠪᠴᠢᠲᠤ ᠴᠢᠨᠠᠷ᠂ ᠭᠠᠮᠰᠢᠭ ᠤᠨ ᠡᠮᠦᠨ᠎ᠡ | ᠠᠶᠤᠯ ᠠᠴᠠ ᠵᠠᠶᠢᠯᠠᠬᠤ ᠰᠢᠨᠵᠢᠯᠡᠬᠦ ᠤᠬᠠᠭᠠᠨᠴᠢ ᠴᠢᠨᠠᠷ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ | ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠪᠦᠭᠦ ᠣᠷᠣᠨ ᠤ ᠡᠯ᠎ᠡ ᠭᠠᠵᠠᠷ ᠤᠨ ᠬᠢᠨ ᠬᠠᠪᠤᠷ ᠤᠨ | ᠲᠠᠷᠢᠶᠠᠯᠠᠭ᠎ᠠ ᠪᠠᠨ ᠵᠠᠯᠭᠠᠭ᠎ᠠ ᠪᠠᠷ ᠡᠬᠢᠯᠡᠭᠦᠯᠪᠡ᠂ ᠭᠠᠩ ᠬᠠᠭᠰᠠᠷᠠᠭᠠᠨ ᠤ ᠭᠠᠮᠰᠢᠭ ᠢ ᠠᠷᠭᠠᠴᠠᠭᠠᠬᠤ ᠠᠵᠢᠯ ᠢ ᠡᠷᠲᠡᠬᠡᠨ | ᠰᠠᠶᠢᠲᠤᠷ ᠬᠢᠵᠦ᠂ ᠬᠥᠮᠥᠨ ᠤ ᠬᠦᠴᠦ ᠪᠠᠷ ᠪᠣᠷᠣᠭᠠᠨ ᠢ ᠨᠡᠮᠡᠭᠳᠡᠭᠦᠯᠬᠦ ᠠᠵᠢᠯ ᠢ ᠴᠠᠭ ᠲᠤᠨᠢ ᠲᠣᠬᠢᠷᠠᠭᠤᠯᠤᠨ | ᠥᠷᠨᠢᠭᠦᠯᠵᠦ᠂ ᠠᠮᠤ ᠲᠠᠷᠢᠶ᠎ᠠ ᠶᠢ ᠴᠠᠭ ᠲᠤᠬᠠᠢ ᠳᠤᠨᠢ ᠤᠷᠤᠭᠰᠢᠲᠠᠢ ᠲᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠣᠳᠣᠬᠠᠨ ᠳᠤ ᠪᠦᠭᠦ ᠣᠷᠣᠨ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠡᠯ᠎ᠡ ᠵᠦᠢᠯ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠴᠤ ᠲᠦᠷᠭᠡᠨ ᠠᠬᠢᠵᠤ ᠪᠤᠶ᠂ ᠠᠳᠡᠯ ᠣᠯᠠᠨ ᠭᠠᠷᠳᠠᠭ ᠬᠦᠷᠢᠶ᠎ᠡ ᠴᠠᠷᠠᠭ᠎ᠠ ᠪᠣᠯᠣᠨ ᠬᠥᠮᠥᠨ | ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠠᠰᠠᠭᠤᠳᠠᠯ ᠤᠨ ᠭᠡᠮ ᠰᠣᠭᠤᠭ ᠢ ᠴᠢᠩᠭ᠎ᠠ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠤᠷᠤᠭᠰᠢ ᠪᠠᠨ ︽ᠳᠠᠭᠢᠨ ᠨᠢᠭᠡ ᠠᠯᠬᠤᠮ ᠪᠠᠶᠢᠴᠠᠭᠠᠬᠤ ︾᠂ | ︽ᠡᠴᠦᠰ ᠤᠨ ᠨᠢᠭᠡ ᠮᠧᠳ᠋ᠷ ︾ ᠢ ᠨᠢᠭᠲᠠ ᠠᠩᠬᠠᠷᠬᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠤᠨ ᠬᠢᠨ ᠳᠠᠶᠢᠯᠠᠯᠳᠤᠭᠠᠨ ᠤ ᠪᠠᠶᠢᠳᠠᠯ ᠳᠤ ᠣᠷᠣᠵᠤ᠂ ᠲᠣᠰ ᠡᠭᠡᠯᠵᠢ ᠶᠢᠨ | ᠬᠦᠢᠲᠡᠨ ᠤᠷᠤᠰᠬᠠᠯ ᠶᠡᠭᠡ ᠰᠠᠯᠬᠢᠨ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠪᠦᠲᠦᠮᠵᠢᠲᠡᠶ ᠠᠷᠭᠠᠴᠠᠭᠠᠵᠤ᠂ | ᠴᠠᠭ ᠠᠭᠤᠷ᠂ ᠮᠠᠯ ᠠᠵᠤ ᠠᠬᠤᠢ ᠲᠠᠷᠢᠶᠠᠯᠠᠩ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ | ᠵᠡᠷᠭᠡ ᠰᠠᠯᠠᠭ᠎ᠠ ᠮᠥᠴᠢᠷ ᠤᠨ ᠬᠢᠨ ᠲᠤᠰᠬᠠᠶᠢᠯᠠᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠢᠷᠠᠭᠤ ᠤᠨᠠᠬᠤ | ᠬᠥᠯᠳᠡᠬᠦ ᠶᠢ ᠰᠡᠷᠭᠡᠶᠢᠯᠡᠬᠦ᠂ ᠠᠭᠤᠯᠠᠨ ᠲᠦᠢᠮᠡᠷ ᠢ ᠰᠡᠷᠭᠡᠶᠢᠯᠡᠬᠦ᠂ ᠳᠡᠭᠡᠷ᠎ᠡ ᠠᠴᠠ ᠶᠠᠭᠤᠮ᠎ᠠ ᠤᠨᠠᠬᠤ ᠶᠢ ᠰᠡᠷᠭᠡᠶᠢᠯᠡᠬᠦ᠂ | ᠨᠤᠷᠠᠬᠤ ᠶᠢ ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠡᠮᠬᠢ ᠳᠢᠭᠯᠢᠮ ᠲᠣᠭᠲᠠᠭᠤᠨ ᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ |