ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶᠢᠷᠡᠭᠦᠯᠵᠦ᠂ ᠲᠣᠰᠬᠤᠨ ᠤ ᠠᠷᠠᠳ ᠤᠨ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠯᠠᠮᠵᠢᠯᠠᠯᠲᠤ ᠰᠣᠶᠣᠯ ᠢ ᠠᠮᠢᠳᠤᠷᠠᠯ ᠳᠤ ᠣᠷᠣᠭᠤᠯᠵᠤ᠂ ᠭᠡᠷᠡᠯ | ᠭᠢᠯᠪᠠᠭ᠎ᠠ ᠰᠠᠴᠤᠷᠠᠭᠤᠯᠬᠤ ᠶᠢᠨ ᠲᠥᠯᠥᠭᠡ᠃ ᠵᠢᠤ ᠯᠦᠩ ᠰᠢᠶᠠᠩ ᠲᠦᠴᠢᠦᠸᠠᠨ ᠰᠢᠶᠠᠨ ᠤ ᠰᠣᠶᠣᠯ ᠤᠨ ᠣᠷᠳᠣᠨ | ᠢ ᠤᠷᠢᠵᠤ ︽ᠪᠣᠳᠠᠰ ᠤᠨ ᠪᠤᠰᠤ ᠰᠣᠶᠣᠯ ᠤᠨ ᠥᠪ ᠤᠨ ᠪᠤᠯᠪᠠᠰᠤᠷᠠᠯ ᠢ ᠬᠥᠳᠡᠭᠡ ᠲᠣᠰᠬᠤᠨ ᠳᠤ ᠬᠦᠷᠭᠡᠬᠦ︾ | ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠵᠢᠴᠢ ︽ᠤᠨᠴᠠᠯᠢᠬᠳᠤ ᠰᠣᠶᠣᠯ ᠢ ᠦᠨᠳᠦᠰᠦᠨ ᠱᠠᠲᠤᠨ ᠳᠤ | ᠬᠦᠷᠭᠡᠬᠦ︾ ᠡᠯ ᠷᠧᠨ ᠵᠤᠸᠠᠨ ᠤ ᠪᠤᠯᠪᠠᠰᠤᠷᠠᠯ ᠤᠨ ᠠᠵᠢᠯᠯᠠᠭ᠎ᠠ ᠥᠷᠨᠢᠭᠦᠯᠪᠡ᠂ ᠤᠯᠤᠰ ᠤᠨ ᠨᠢᠭᠡᠳᠦᠭᠡᠷ ᠳᠡᠰ ᠤᠨ | ᠲᠣᠭᠯᠠᠭᠴᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠡᠭᠦᠨ | ᠬᠤᠶᠢᠲᠤ ᠣᠷᠣᠨ ᠤ ᠡᠯ ᠷᠧᠨ ᠵᠤᠸᠠᠨ ᠢ ᠤᠯᠠᠮᠵᠢᠯᠠᠨ ᠵᠠᠯᠭᠠᠮᠵᠢᠯᠠᠭᠴᠢ ᠰᠦᠨ ᠯᠢ ᠵᠢᠶᠦ᠋ᠨ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠡᠭᠦᠨ ᠬᠤᠶᠢᠲᠤ ᠣᠷᠣᠨ ᠤ ᠡᠯ ᠷᠧᠨ ᠵᠤᠸᠠᠨ ᠢ | ᠤᠯᠠᠮᠵᠢᠯᠠᠨ ᠵᠠᠯᠭᠠᠮᠵᠢᠯᠠᠭᠴᠢ᠂ ᠬᠢᠩᠭᠠᠨ ᠠᠶᠢᠮᠠᠭ ᠤᠨ ᠳᠠᠭᠤᠤ ᠬᠥᠭᠵᠢᠮ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ | ᠥᠪᠡᠷᠲᠡᠭᠡᠨ ᠵᠠᠰᠠᠬᠤ ᠣᠷᠣᠨ ᠤ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠭᠡᠰᠢᠭᠦᠨ ᠵᠧᠦ ᠹᠧᠩ ᠾᠧ ᠵᠢᠴᠢ | ᠥᠪᠡᠷᠲᠡᠭᠡᠨ ᠵᠠᠰᠠᠬᠤ ᠣᠷᠣᠨ ᠤ ᠲᠠᠰ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠰᠢᠯ ᠤᠨ ᠤᠯᠠᠮᠵᠢᠯᠠᠨ | ᠵᠠᠯᠭᠠᠮᠵᠢᠯᠠᠭᠴᠢ ᠵᠣᠣ ᠿᠢ ᠰᠢᠶᠠ ᠲᠣᠰ ᠲᠣᠰ ᠬᠢᠴᠢᠶᠡᠯ ᠣᠷᠣᠵᠤ᠂ ᠲᠣᠰᠬᠤᠨ ᠤ ᠠᠷᠠᠳ᠂ ᠤᠳᠬ᠎ᠠ ᠤᠷᠠᠯᠢᠭ | ᠤᠨ ᠳᠤᠷ᠎ᠠ ᠪᠠᠭ᠋ᠠᠳᠠᠳ ᠨᠡᠶᠢᠳᠡ80 ᠭᠠᠷᠤᠢ ᠬᠦᠮᠦᠨ ᠪᠤᠯᠪᠠᠰᠤᠷᠠᠯ ᠳᠤ ᠤᠷᠤᠯᠴᠠᠪᠠ᠃ | | ᠠᠵᠢᠯᠯᠠᠭᠠᠨ ᠤ ᠳᠤᠮᠳᠠ᠂ ᠡᠯ ᠷᠧᠨ ᠵᠤᠸᠠᠨ ᠤ ᠪᠣᠯᠪᠠᠰᠤᠷᠠᠯ ᠤᠨ ᠪᠠᠭᠰᠢ ᠠᠴᠠ ᠡᠯ ᠷᠧᠨ ᠵᠤᠸᠠᠨ ᠤ ᠤᠷᠠᠯᠢᠭ | ᠤᠨ ᠠᠴᠢ ᠬᠤᠯᠪᠣᠭᠳᠠᠯ ᠪᠠ ᠴᠢᠬᠤᠯᠠ ᠴᠢᠨᠠᠷ᠂ ᠣᠨᠴᠠᠯᠢᠭ ᠪᠠ ᠳᠠᠭᠤᠯᠠᠬᠤ ᠠᠶᠠᠯᠭᠤ ᠶᠢᠨ ᠣᠬᠢ ᠰᠣᠳᠣ ᠵᠡᠷᠭᠡ | ᠲᠠᠯ᠎ᠠ ᠪᠠᠷ ᠨᠠᠷᠢᠨ ᠲᠠᠶᠢᠯᠤᠮᠵᠢ ᠬᠢᠭᠰᠡᠨ ᠪᠥᠭᠡᠳ ᠨᠡᠩ ᠴᠤ ᠠᠮᠢᠳᠤᠯᠢᠭ ᠣᠶᠢᠯᠠᠭᠠᠮᠵᠢᠲᠠᠶ ᠬᠡᠯᠪᠡᠷᠢ ᠪᠠᠷ ᠣᠯᠠᠨ | ᠲᠦᠮᠡᠨ ᠳᠤ ᠡᠯ ᠷᠧᠨ ᠵᠤᠸᠠᠨ ᠤ ᠳᠠᠭᠤᠯᠠᠬᠤ ᠠᠷᠭ᠎ᠠ ᠵᠢᠴᠢ ᠬᠥᠳᠡᠯᠦᠯ ᠪᠠᠷᠢᠯ ᠢ ᠵᠢᠭᠠᠵᠤ ᠥᠭᠭᠦᠭᠰᠡᠨ ᠪᠠᠶᠢᠨ᠎ᠠ᠃ | ᠡᠯ ᠷᠧᠨ ᠵᠤᠸᠠᠨ ᠤ ᠪᠣᠯᠪᠠᠰᠤᠷᠠᠯ ᠤᠨ ᠳᠠᠷᠠᠭ᠎ᠠ᠂ ᠴᠠᠭᠠᠰᠤᠨ ᠬᠠᠶᠢᠴᠢᠯᠠᠮᠠᠯ ᠤᠨ ᠪᠠᠭᠰᠢ ᠣᠯᠠᠨ ᠳᠤ ᠴᠠᠭᠠᠰᠤᠨ | ᠬᠠᠶᠢᠴᠢᠯᠠᠮᠠᠯ ᠤᠨ ᠲᠡᠦᠬᠡᠨ ᠡᠭᠦᠰᠦᠯ᠂ ᠤᠷ᠎ᠠ ᠮᠡᠷᠭᠡᠵᠢᠯ ᠠᠷᠭ᠎ᠠ ᠪᠠᠷᠢᠯ ᠪᠠ ᠰᠣᠶᠣᠯ ᠤᠨ ᠠᠭᠤᠯᠤᠭᠳᠠᠬᠤᠨ ᠢ | ᠲᠠᠶᠢᠯᠪᠤᠷᠢᠯᠠᠵᠤ᠂ ᠬᠠᠶᠢᠴᠢ ᠬᠡᠷᠡᠭᠯᠡᠬᠦ ᠠᠷᠭ᠎ᠠ ᠪᠠᠷᠢᠯ᠂ ᠡᠷᠴᠢᠮ᠂ ᠬᠠᠷᠠᠭᠠᠰᠤ ᠵᠢᠴᠢ ᠴᠠᠭᠠᠰᠤᠨ ᠬᠠᠶᠢᠴᠢᠯᠠᠮᠠᠯ ᠤᠨ | ᠶᠠᠪᠤᠴᠠ ᠳᠠᠬᠢ ᠠᠩᠬᠠᠷᠬᠤ ᠵᠦᠶᠯᠡᠰ ᠢ ᠨᠠᠷᠢᠨ ᠲᠠᠨᠢᠯᠴᠠᠭᠤᠯᠪᠠ᠃ ᠳᠠᠷᠠᠭ᠎ᠠ ᠨᠢ᠂ ᠪᠠᠭᠰᠢ ᠶᠢᠨ ᠵᠢᠯᠣᠭᠤᠳᠣᠯᠭ᠎ᠠ | ᠳᠣᠤᠷ᠎ᠠ᠂ ᠣᠯᠠᠨ ᠢᠶᠠᠷ ᠢᠶᠠᠨ ᠦᠶᠯᠡᠳᠬᠡᠯ ᠤᠨ ᠶᠠᠪᠤᠴᠠ ᠶᠢ ᠪᠡᠶᠡᠴᠢᠯᠡᠨ ᠣᠶᠢᠯᠠᠭᠠᠵᠤ᠂ ᠨᠠᠷᠢᠨ ᠨᠢᠮᠪᠠᠶ ᠵᠢᠷᠤᠭᠯᠠᠵᠤ | ᠂ ᠡᠰᠬᠡᠬᠦ᠂ ᠰᠠᠯᠬᠤ ᠵᠡᠷᠭᠡ ᠠᠵᠢᠯ ᠢ ᠲᠠᠰ ᠳᠠᠷᠠᠭᠠᠯᠠᠨ ᠪᠡᠶᠡᠯᠡᠭᠦᠯᠵᠦ᠂ ᠰᠢᠨ᠎ᠡ ᠰᠡᠪᠡᠭᠦᠨ᠂ ᠨᠠᠷᠢᠯᠢᠭ ᠰᠠᠶᠢᠬᠠᠨ | ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠳᠡᠯᠭᠡᠭᠳᠡᠵᠦ᠂ ᠲᠤᠬᠠᠶ ᠶᠢᠨ ᠲᠠᠯᠠᠪᠠᠶ ᠶᠢᠨ ᠤᠷ᠎ᠠ ᠮᠡᠷᠭᠡᠵᠢᠯ ᠰᠤᠷᠬᠤ | ᠠᠭᠤᠷ ᠠᠮᠢᠰᠬᠤᠯ ᠥᠳᠬᠡᠨ ᠵᠤᠵᠠᠭᠠᠨ᠂ ᠬᠥᠷ ᠨᠠᠷᠭᠢᠶᠠᠨ ᠶᠡᠷᠦ ᠪᠤᠰᠤ ᠶᠢᠨ ᠪᠠᠶᠢᠯ᠎ᠠ᠃ ᠲᠤᠬᠠᠶ ᠶᠢᠨ ᠲᠠᠯᠠᠪᠠᠶ ᠶᠢᠨ | ᠰᠣᠯᠢᠯᠴᠠᠭ᠎ᠠ ᠳᠤᠮᠳᠠ᠂ ᠵᠠᠷᠢᠮ ᠬᠥᠮᠦᠨ ᠵᠢᠷᠤᠭ ᠲᠥᠯᠥᠪᠯᠡᠭᠡ ᠶᠢᠨ ᠲᠤᠬᠠᠶ ᠥᠪᠡᠷ ᠤᠨ ᠦᠵᠡᠯᠲᠡ ᠪᠠᠨ | ᠬᠤᠪᠢᠶᠠᠯᠴᠠᠵᠤ᠂ ᠵᠠᠷᠢᠮ ᠬᠥᠮᠦᠨ ᠥᠪᠡᠷ ᠤᠨ ᠣᠶᠢᠯᠠᠭᠠᠵᠤ ᠪᠠᠶᠢᠭ᠎ᠠ ᠴᠠᠭᠠᠰᠤᠨ ᠬᠠᠶᠢᠴᠢᠯᠠᠮᠠᠯ ᠤᠨ ᠠᠳᠠᠯᠢ ᠪᠤᠰᠤ | ᠭᠠᠵᠠᠷ ᠣᠷᠣᠨ ᠳᠠᠬᠢ ᠬᠤᠪᠢᠷᠠᠯᠲᠠ ᠶᠢ ᠶᠠᠷᠢᠵᠤ ᠪᠠᠶᠢᠯ᠎ᠠ᠃ ᠰᠣᠯᠢᠯᠴᠠᠭ᠎ᠠ ᠪᠠᠷ ᠳᠠᠮᠵᠢᠨ᠂ ᠣᠯᠠᠨ ᠢᠶᠠᠷ ᠢᠶᠠᠨ | ᠤᠯᠠᠮᠵᠢᠯᠠᠯᠲᠤ ᠰᠣᠶᠣᠯ ᠳᠤ ᠨᠠᠩ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠨᠠᠩ ᠭᠦᠨ ᠭᠦᠨᠵᠡᠭᠡᠶ ᠲᠠᠨᠢᠯᠲᠠ ᠲᠠᠢ | ᠪᠣᠯᠵᠠᠶ᠃ | | | | | | ︽ᠥᠩᠭᠡᠷᠡᠭᠡᠭᠰᠡᠨ ᠳᠤ ᠴᠠᠭᠠᠰᠤᠨ ᠬᠠᠶᠢᠴᠢᠯᠠᠮᠠᠯ ᠢ ᠣᠢᠯᠠᠭᠠᠵᠤ ᠥᠩᠭᠡᠷᠡᠭᠰᠡᠨ ᠦᠭᠡᠢ᠂ ᠡᠨᠡ ᠤᠳᠠᠭ᠎ᠠ ᠥᠪᠡᠷ | ᠤᠨ ᠭᠠᠷ ᠢᠶᠠᠷ ᠢᠶᠠᠨ ᠨᠢᠭᠡ ᠤᠳᠠᠭ᠎ᠠ ᠬᠢᠵᠦ᠂ ᠮᠠᠨ ᠤ ᠪᠣᠳᠠᠰ ᠤᠨ ᠪᠤᠰᠤ ᠰᠣᠶᠣᠯ ᠤᠨ ᠥᠪ ᠡᠶᠢᠮᠦ ᠪᠠᠶᠠᠯᠢᠭ | ᠪᠠᠶᠢᠬᠤ ᠶᠢ ᠣᠯᠵᠤ ᠮᠡᠳᠡᠵᠡᠢ᠃ ᠰᠢᠶᠠᠩ ᠠᠴᠠ ᠪᠠᠭᠰᠢ ᠵᠠᠯᠠᠵᠤ ᠪᠢᠳᠡᠨ ᠳᠤ ᠮᠡᠷᠭᠡᠵᠢᠯ ᠤᠨ ᠵᠢᠯᠣᠭᠤᠳᠤᠯᠭ᠎ᠠ ᠬᠢᠭᠰᠡᠨ | ᠡᠶᠢᠮᠦ ᠵᠠᠪᠰᠢᠶᠠᠨ ᠪᠢᠠᠬᠤ ᠨᠢ ᠮᠠᠰᠢ ᠰᠠᠶᠢᠨ︕︾ ᠭᠡᠵᠦ ᠵᠢᠦ ᠯᠦᠩ ᠰᠢᠶᠠᠩ ᠤᠨ ᠶᠦᠩ ᠹᠧᠩ ᠲᠣᠰᠬᠤᠨ ᠤ | ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠤᠤ ᠬᠤᠢ ᠪᠠᠶᠠᠷᠲᠠᠢ ᠬᠡᠯᠡᠨ᠎ᠡ᠃ | | ᠲᠣᠰ ᠤᠳᠠᠭᠠᠨ ᠤ ᠠᠵᠢᠯᠯᠠᠭ᠎ᠠ ᠨᠢ ᠣᠯᠠᠨ ᠳᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ | ᠣᠶᠢᠯᠠᠭᠠᠭᠤᠯᠵᠤ᠂ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠭᠦᠨ ᠵᠤᠵᠠᠭᠠᠨ ᠰᠣᠶᠣᠯ ᠤᠨ | ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ ᠪᠠᠰᠠ ᠬᠠᠷᠢᠶ᠎ᠠ ᠣᠷᠣᠨ ᠤ ᠣᠯᠠᠨ ᠲᠦᠮᠡᠨ ᠳᠤ | ᠬᠡᠷᠡᠭᠯᠡᠭᠡᠨ ᠤ ᠤᠷ᠎ᠠ ᠴᠢᠳᠠᠪᠤᠷᠢ ᠶᠢ ᠡᠵᠡᠮᠰᠢᠬᠦ᠂ ᠬᠡᠷ ᠲᠡᠭᠡᠨ ᠠᠮᠢᠳᠤᠯᠢᠭ ᠢᠶᠠᠷ ᠠᠵᠢᠯ ᠤᠯᠬᠤ ᠶᠢ ᠪᠡᠶᠡᠯᠡᠭᠦᠯᠬᠦ | ᠲᠣᠬᠢᠶᠠᠯ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠵᠢᠤ ᠯᠦᠩ ᠰᠢᠶᠠᠩ ︽ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ + ᠠᠵᠢᠯ ᠣᠯᠭᠤᠯᠲᠠ + ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ︾ ᠰᠢᠨ᠎ᠡ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ ᠥᠷᠭᠡᠨ ᠤᠯᠠᠨ ᠲᠦᠮᠡᠨ ᠤ ᠤᠶᠤᠨ ᠤ | ᠰᠣᠶᠣᠯ ᠪᠠ ᠬᠥᠭᠵᠢᠯᠲᠡ ᠶᠢᠨ ᠬᠡᠷᠡᠭᠴᠡᠭᠡ ᠶᠢ ᠤᠯᠠᠨ ᠲᠡᠰ ᠳᠠᠪᠬᠤᠷᠭ᠎ᠠ ᠪᠠᠷ ᠬᠠᠩᠭᠠᠨ᠎ᠠ᠃ | |