ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠡᠯᠡᠳᠭᠡᠮᠵᠢᠳᠤ | ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ 2025 ᠣᠨ ᠳᠤ ᠪᠥᠬᠦ ᠣᠷᠣᠨ ᠳᠤ | ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠶᠢ 25 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ 5.6 | ᠲᠦᠮᠡᠨ ᠮᠦ ᠬᠠᠭᠤᠴᠢᠨ ᠫᠧᠩ ᠰᠠᠷᠠᠪᠴᠢ ᠶᠢ ᠥᠭᠡᠷᠡᠴᠢᠯᠡᠨ ᠰᠠᠶᠢᠵᠢᠷᠠᠭᠤᠯᠵᠤ᠂ ︽ᠨᠣᠭᠤᠭ᠎ᠠ᠂ ᠵᠢᠮᠢᠰ᠂ ᠡᠮ᠂ | ᠴᠡᠴᠡᠭ᠂ ᠮᠦᠬᠦ ︾ ᠵᠡᠷᠭᠡ ᠥᠨᠳᠥᠷ ᠨᠡᠮᠡᠯᠲᠡ ᠥᠷᠲᠡᠭᠲᠦ ᠠᠵᠤ ᠦᠢᠯᠡᠰ ᠢ ᠳᠡᠮᠵᠢᠨ ᠬᠥᠭᠵᠢᠭᠦᠯᠦᠨ᠎ᠡ ︔ | 2026 ᠣᠨ ᠪᠣᠯᠬᠤ ᠳᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠢ ᠶᠢ 280 ᠲᠦᠮᠡᠨ ᠮᠦ ᠠᠴᠠ ᠳᠡᠭᠡᠭᠰᠢ | ᠪᠣᠯᠲᠠᠯ᠎ᠠ ᠨᠡᠮᠡᠭᠳᠡᠭᠦᠯᠵᠦ᠂ 2030 ᠣᠨ ᠪᠣᠯᠬᠤ ᠳᠤ ᠣᠷᠣᠨ ᠪᠦᠰᠡ ᠶᠢᠨ ᠪᠠᠶᠢᠷᠢᠰᠢᠭᠤᠯᠤᠯᠲᠠ ᠨᠢ ᠨᠡᠩ ᠵᠦᠢ | ᠵᠣᠬᠢᠰᠲᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ ᠨᠥᠬᠦᠴᠡᠯ ᠨᠢ ᠢᠯᠡᠳᠲᠡ | ᠰᠠᠶᠢᠵᠢᠷᠠᠭᠰᠠᠨ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠨᠢ ᠲᠠᠰᠤᠷᠠᠯᠲᠠ | ᠦᠭᠡᠢ ᠴᠢᠩᠭᠠᠷᠠᠭᠰᠠᠨ ᠤᠳᠤ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠪᠠᠶᠢᠷᠢᠰᠢᠯ ᠢ ᠪᠠᠶᠢᠭᠤᠯᠬᠤ ᠪᠠᠷ | ᠴᠢᠷᠮᠠᠶᠢᠨ᠎ᠠ᠃ |