4 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠭᠡᠯᠡᠳᠡᠭᠡ ᠶᠢᠨ | ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠠᠢ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠠᠴᠠ | ᠨᠠᠭᠠᠰᠢᠬᠢ ᠮᠠᠨ ᠤ ᠤᠯᠤᠰ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠠᠮᠵᠢᠯᠲᠠ ᠪᠦᠳᠦᠮᠵᠢ ᠪᠣᠯᠤᠨ ᠲᠤᠷᠰᠢᠯᠭ᠎ᠠ ᠶᠢ | ᠰᠢᠰᠲ᠋ᠧᠮ ᠲᠠᠢ ᠳ᠋ᠦᠩᠨᠡᠵᠦ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ ᠬᠡᠰᠡᠭ | ᠬᠤᠭᠤᠴᠠᠭᠠᠨ ᠤ ᠬᠦᠷᠰᠢ ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠤᠨ ᠰᠡᠳᠭᠢᠮᠵᠢ ᠠᠷᠭ᠎ᠠ ᠬᠡᠮᠵᠢᠶ᠎ᠡ ᠶᠢ | ᠲᠣᠳᠣᠷᠬᠠᠶᠢᠯᠠᠵᠤ᠂ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠬᠤ᠂ ᠰᠢᠨ᠎ᠡ ᠠᠶᠠᠨ ᠳᠤ ᠬᠦᠷᠰᠢ ᠵᠡᠷᠭᠡᠯᠡᠳᠡᠭᠡ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠳᠤ | ᠤᠷᠤᠭᠰᠢᠯᠠᠬᠤ ᠴᠢᠭᠯᠡᠯ ᠢ ᠵᠢᠭᠠᠵᠤ ᠥᠭᠴᠡᠶ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠬᠦᠷᠬᠡ ᠬᠠᠷᠢᠭᠤᠴᠠᠯᠭᠠᠲᠤ ᠰᠡᠳᠭᠢᠯᠭᠡ ᠪᠠᠨ | ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠶᠢ ᠡᠷᠡᠰ ᠳᠠᠭᠠᠵᠤ | ᠲᠡᠭᠦᠨ ᠳᠤ ᠦᠢᠯᠡᠴᠢᠯᠡᠨ᠂ ᠬᠦᠷᠰᠢ ᠵᠡᠷᠭᠡᠯᠡᠳᠡᠭᠡ ᠶᠢᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ | ︾ ᠢ ᠬᠦᠷᠢᠶᠡᠯᠡᠨ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠬᠡᠷᠡᠭᠲᠡᠶ᠃ ᠮᠠᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠶ | ᠡᠵᠡᠮᠳᠡᠵᠦ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠨᠡᠭᠡᠭᠡᠯᠲᠡ ᠬᠢᠬᠦ ᠤᠬᠠᠮᠰᠠᠷ ᠢᠶᠠᠨ | ᠴᠢᠩᠭᠠᠳᠬᠠᠵᠤ᠂ ᠬᠦᠷᠰᠢ ᠵᠡᠷᠭᠡᠯᠡᠳᠡᠭᠡ ᠤᠯᠤᠰ ᠤᠳ ᠤᠨ ᠬᠤᠯᠪᠣᠭᠳᠠᠯ ᠪᠥᠬᠦᠶ ᠭᠠᠵᠠᠷ ᠣᠷᠣᠨ ᠯᠤᠭ᠎ᠠ ᠶᠢᠨ | ᠬᠠᠮᠲᠤᠷᠠᠯᠴᠠᠭ᠎ᠠ ᠪᠠᠨ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠵᠢᠴᠢ | ᠰᠣᠶᠣᠯ᠂ ᠵᠢᠭᠤᠯᠴᠢᠯᠠᠯ᠂ ᠰᠤᠷᠭᠠᠨ ᠬᠥᠮᠦᠵᠢᠯ᠂ ᠡᠮ ᠡᠮᠨᠡᠯᠭᠡ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ | ᠰᠣᠯᠢᠯᠴᠠᠭ᠎ᠠ ᠪᠠᠨ ᠲᠠᠰᠤᠷᠠᠯᠲᠠ ᠥᠬᠡᠶ ᠥᠷᠭᠡᠳᠭᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠣᠶᠢᠯᠠᠭᠠᠵᠤ᠂ ᠨᠣᠭᠤᠭᠠᠷᠠᠭᠤᠯᠤᠯᠲᠠ ᠶᠢ ᠥᠷᠭᠡᠳᠭᠡᠵᠦ ᠨᠤᠭᠤᠭᠠᠷᠠᠭᠤᠯᠤᠯᠲᠠ ᠶᠢ ᠬᠥᠭᠵᠢᠭᠦᠯᠵᠦ | ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠣᠭᠤᠭᠠᠷᠠᠭᠤᠯᠤᠯᠲᠠ ︾ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠤᠰᠤ ᠪᠠᠷ ᠨᠣᠭᠤᠭᠠᠷᠠᠭᠤᠯᠤᠯᠲᠠ ᠶᠢ | ᠲᠣᠭᠲᠠᠭᠠᠵᠤ ᠮᠣᠳᠣ ᠲᠠᠷᠢᠵᠤ ᠣᠶᠢᠵᠢᠭᠤᠯᠬᠤ ᠶᠢ ᠠᠬᠢᠭᠤᠯᠵᠤ᠂ ᠤᠨᠴᠠᠯᠢᠬᠳᠤ ᠤᠢ ᠰᠢᠭᠤᠢ ᠡᠪᠡᠰᠦᠨ ᠤ ᠠᠵᠤ | ᠦᠢᠯᠡᠰ ᠢ ᠲᠦᠷᠭᠡᠳᠭᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ | ᠰᠦᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠶᠢ ᠬᠦᠴᠦᠲᠡᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠥᠪᠥᠷ ᠮᠣᠩᠭᠤᠯ ᠤᠨ ᠨᠤᠭᠤᠭᠠᠨ | ᠳᠡᠪᠢᠰᠭᠡᠷ ᠥᠩᠭᠡ ᠶᠢ ᠨᠡᠩ ᠬᠦᠨ ᠪᠤᠯᠭᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠠᠢ | ᠤᠶᠠᠯᠳᠤᠭᠤᠯᠤᠨ᠂ ᠣᠯᠠᠨ ᠬᠡᠯᠪᠡᠷᠢ ᠮᠠᠶ᠋ᠢᠭ ᠪᠦᠬᠦᠢ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠨᠡᠶᠢᠭᠡᠮ ᠤᠨ ᠠᠮᠤᠷ | ᠲᠦᠪᠰᠢᠨ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠬᠤ | ᠲᠤᠬᠠᠶ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ ᠴᠠᠭ | ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ᠂ ᠶᠡᠷᠦᠩᠬᠡᠶᠢᠯᠡᠨ ᠵᠠᠰᠠᠬᠤ | ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ | ᠪᠠ ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠵᠡᠷᠭᠡ ᠰᠠᠶᠢᠨ | ᠲᠣᠭᠲᠡᠴᠡ ᠰᠠᠶᠢᠨ ᠠᠷᠭ᠎ᠠ ᠬᠢᠳᠡᠯ ᠢ ᠰᠠᠶᠢᠲᠤᠷ ᠬᠡᠷᠡᠭᠯᠡᠵᠦ᠂ ᠣᠯᠠᠨ ᠲᠦᠮᠡᠨ ᠳᠤ ᠨᠠᠩ ᠳᠥᠭᠦᠮ ᠳᠥᠷᠬᠡᠨ ᠥᠨᠳᠥᠷ | ᠪᠦᠲᠦᠮᠵᠢᠲᠡᠶ ᠦᠢᠯᠡᠴᠢᠯᠡᠵᠦ᠂ ᠦᠨᠳᠦᠰᠦᠨ ᠱᠠᠲᠤᠨ ᠤ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠶᠠᠰᠤ ᠴᠢᠨᠠᠷ | ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |