ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ 4 | ᠰᠠᠷ᠎ᠠ ᠶᠢᠨ 15 ᠤ ᠡᠳᠦᠷ ᠠᠴᠠ ᠡᠬᠢᠯᠡᠨ᠂ 3 ᠰᠠᠷ᠎ᠠ ᠶᠢᠨ ᠬᠤᠭᠤᠴᠠᠭ᠎ᠠ ᠲᠠᠢ ︽ᠴᠡᠪᠡᠷ ᠲᠤᠩᠭᠠᠯᠠᠭ · ᠣᠬᠤᠷ | ᠸᠢᠳᠢᠣ᠋ ᠶᠢᠨ ᠬᠦᠷᠢᠶᠡᠨ ᠳᠠᠬᠢ ᠮᠠᠭᠤ ᠰᠠᠨᠠᠭ᠎ᠠ ᠲᠠᠢ ᠪᠠᠷ ᠡᠵᠡᠩᠨᠡᠨ ᠪᠣᠷᠣᠯᠠᠭᠤᠯᠬᠤ ᠰᠠᠮᠠᠭᠤᠨ ᠦᠵᠡᠭᠳᠡᠯ ᠢ ᠴᠡᠭᠴᠡᠯᠡᠨ | ᠵᠠᠰᠠᠬᠤ︾ ᠲᠤᠰᠬᠠᠶ ᠠᠵᠢᠯᠯᠠᠭ᠎ᠠ ᠥᠷᠨᠢᠭᠦᠯᠦᠨ᠎ᠡ᠃ ᠲᠤᠰᠬᠠᠶ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ | ᠣᠬᠤᠷ ᠸᠢᠳᠢᠣ᠋ ᠶᠢᠨ ᠬᠦᠷᠢᠶᠡᠨ ᠳᠠᠬᠢ ᠮᠠᠭᠤ ᠰᠠᠨᠠᠭ᠎ᠠ ᠲᠠᠢ ᠪᠠᠷ ᠡᠵᠡᠩᠨᠡᠨ ᠪᠣᠷᠣᠯᠠᠭᠤᠯᠬᠤ ᠲᠣᠪᠤᠶᠢᠮ᠎ᠠ ᠠᠰᠠᠭᠤᠳᠠᠯ ᠢ | ᠨᠢᠭᠡᠳᠦᠯᠳᠡᠢ ᠪᠠᠷ ᠴᠡᠭᠴᠡᠯᠡᠨ ᠵᠠᠰᠠᠵᠤ᠂ ᠮᠠᠭᠤ ᠰᠠᠨᠠᠭ᠎ᠠ ᠲᠠᠢ ᠪᠠᠷ ᠬᠤᠳᠠᠯ ᠬᠠᠭᠤᠷᠮᠠᠭ ᠶᠠᠭᠤᠮᠠᠰ ᠵᠤᠬᠢᠶᠠᠵᠦ ᠬᠦᠮᠦᠰ | ᠢ ᠮᠡᠭᠡᠯᠡᠬᠦ᠂ ᠬᠤᠳᠠᠯ ᠬᠠᠭᠤᠷᠮᠠᠭ ᠮᠡᠳᠡᠭᠡ ᠵᠠᠩᠭᠢ ᠲᠠᠷᠬᠠᠭᠠᠬᠤ᠂ ᠨᠡᠶᠢᠲᠡ ᠶᠢᠨ ᠡᠮᠬᠢ ᠲᠢᠭᠯᠢᠮ ᠪᠠ ᠰᠠᠶᠢᠨ | ᠰᠠᠶᠢᠬᠠᠨ ᠬᠡᠪ ᠵᠠᠩᠰᠢᠯ ᠠᠴᠠ ᠵᠥᠷᠢᠴᠡᠬᠦ᠂ ᠲᠣᠭᠲᠠᠭᠠᠯ ᠠᠴᠠ ᠵᠥᠷᠢᠴᠡᠨ ᠬᠦᠮᠦᠰ ᠢ ᠡᠵᠡᠩᠨᠡᠨ ᠪᠣᠷᠣᠯᠠᠭᠤᠯᠭ᠎ᠠ ᠳᠤ | ᠬᠦᠳᠦᠯᠦᠨ ᠤᠷᠤᠭᠤᠯᠬᠤ ᠵᠡᠷᠭᠡ ᠮᠠᠭᠤ ᠰᠠᠨᠠᠭ᠎ᠠ ᠲᠠᠢ ᠪᠠᠷ ᠡᠵᠡᠩᠨᠡᠨ ᠪᠣᠷᠣᠯᠠᠭᠤᠯᠬᠤ ᠰᠠᠮᠠᠭᠤᠨ ᠦᠵᠡᠭᠳᠡᠯ ᠳᠤ | ᠴᠢᠩᠭ᠎ᠠ ᠴᠣᠬᠢᠯᠲᠠ ᠥᠭᠴᠦ᠂ ᠰᠦᠯᠵᠢᠶᠡᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ | ᠣᠬᠤᠷ ᠸᠢᠳᠢᠣ᠋ ᠶᠢᠨ ᠠᠵᠢᠯ ᠲᠥᠷᠥᠯ ᠤᠨ ᠡᠷᠡᠭᠦᠯ ᠪᠥᠭᠡᠳ ᠡᠮᠬᠢ ᠲᠢᠭᠯᠢᠮ ᠲᠠᠢ ᠬᠥᠭᠵᠢᠬᠦ ᠶᠢ ᠠᠬᠢᠭᠤᠯᠤᠨ᠎ᠠ᠃ | ᠴᠡᠭᠴᠡᠯᠡᠨ ᠵᠠᠰᠠᠬᠤ ᠠᠵᠢᠯᠯᠠᠭ᠎ᠠ ᠨᠢ ᠭᠤᠤᠯᠳᠠᠭᠤ ᠣᠬᠤᠷ ᠸᠢᠳᠢᠣ᠋ ᠶᠢᠨ ᠤᠶᠢᠯᠡᠴᠢᠯᠡᠭᠡ ᠬᠠᠩᠭᠠᠬᠤ ᠰᠦᠯᠵᠢᠶᠡᠨ ᠤ | ᠲᠠᠪᠴᠠᠩ ᠳᠤ ᠴᠢᠭᠯᠡᠭᠦᠯᠦᠨ᠂ ᠭᠦᠨᠵᠡᠭᠡᠶ ᠨᠠᠷᠢᠯᠢᠭ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠬᠠᠤᠯᠢ ᠲᠣᠭᠲᠠᠭᠠᠯ | ᠶᠣᠰᠣᠭᠠᠷ ᠰᠢᠶᠳᠪᠦᠷᠢᠯᠡᠨ ᠲᠣᠷᠭᠠᠵᠤ᠂ ᠠᠭᠤᠯᠭ᠎ᠠ ᠶᠢᠨ ᠠᠮᠢ ᠠᠬᠤᠶ ᠶᠢ ᠦᠷᠭᠦᠯᠵᠢᠯᠡᠨ ᠴᠡᠪᠡᠷᠰᠢᠭᠦᠯᠦᠨ᠎ᠡ᠃ |