2025 ᠣᠨ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ | ᠲᠦᠪᠰᠢᠨ ᠤ ᠬᠠᠤᠯᠢ ︾ ᠶᠢ ᠨᠡᠶᠢᠲᠡᠯᠡᠨ ᠬᠡᠷᠡᠭᠵᠢᠭᠦᠯᠦᠭᠰᠡᠨ ᠠᠷᠪᠠᠨ ᠵᠢᠯ ᠤᠨ ᠣᠶ ᠪᠠᠶᠢᠵᠤ᠂ ᠡᠨᠡ ᠵᠢᠯ ᠤᠨ 4 | ᠳ᠋ᠦ᠋ᠭᠡᠷ ᠰᠠᠷ᠎ᠠ ᠶᠢᠨ 15 ᠤ ᠡᠳᠦᠷ ᠪᠣᠯ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ | ᠡᠳᠦᠷ ᠢᠶᠠᠷ ᠲᠣᠭᠲᠠᠭᠠᠭᠰᠠᠨ ᠤ ᠠᠷᠪᠠᠳᠠᠬᠢ ᠤᠳᠠᠭᠠᠨ ᠤ ᠡᠳᠦᠷ ᠪᠣᠯᠤᠨ᠎ᠠ᠃ ᠣᠶᠢᠷ᠎ᠠ ᠶᠢᠨ ᠡᠳᠦᠷ ᠤᠳ ᠲᠤ᠂ ᠪᠦᠬᠦ | ᠣᠷᠣᠨ ᠤ ᠡᠯ᠎ᠡ ᠭᠠᠵᠠᠷ ᠤᠨ ᠬᠢᠨ ᠠᠯᠢ ᠣᠯᠠᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ | ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨ ᠡᠨᠡ ᠵᠢᠯ ᠤᠨ ︽4•15︾ ᠤ ᠪᠥᠬᠦ | ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢᠨ ᠡᠬᠢᠯᠡᠯᠲᠡ ᠶᠢᠨ | ᠶᠣᠰᠣᠯᠠᠯ ᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠲᠤ ᠡᠷᠬᠢᠯᠡᠪᠡ᠃ | ᠤᠯᠤᠰ ᠤᠨ ᠠᠮᠤᠷ ᠲᠦᠪᠰᠢᠨ ᠪᠣᠯ ᠤᠯᠤᠰ ᠢ ᠠᠮᠤᠷᠵᠢᠭᠤᠯᠤᠨ ᠤᠯᠤᠰ ᠢ ᠲᠦᠪᠰᠢᠳᠬᠡᠬᠦ ᠶᠢᠨ ᠪᠠᠲᠤ ᠰᠠᠭᠤᠷᠢ | ᠪᠠᠶᠢᠵᠤ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠦᠨᠳᠦᠰᠦᠨ ᠪᠠᠲᠤᠯᠠᠭ᠎ᠠ ᠮᠥᠨ᠃ ᠤᠯᠤᠰ ᠤᠨ | ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢᠨ ᠬᠦᠲᠦᠯᠦᠨ ᠳᠠᠭᠠᠭᠤᠯᠭ᠎ᠠ ᠳᠣᠣᠷ᠎ᠠ ᠥᠪᠡᠷᠲᠡᠭᠡᠨ | ᠵᠠᠰᠠᠬᠤ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠢᠶᠠᠷ ᠲᠣᠭᠲᠠᠭᠠᠭᠰᠠᠨ ᠤ ᠠᠷᠪᠠᠳᠠᠬᠢ | ᠤᠳᠠᠭᠠᠨ ᠤ ᠡᠳᠦᠷ ᠢᠶᠠᠷ ᠠᠵᠠ ᠲᠣᠬᠢᠶᠠᠯ ᠪᠣᠯᠭᠠᠨ᠂ ᠤᠯᠠᠨ ᠶᠠᠩᠵᠤᠲᠤ ᠬᠡᠯᠪᠡᠷᠢ ᠶᠢᠨ ᠭᠤᠣᠯ ᠰᠡᠳᠦᠪᠲᠦ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠂ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠦᠵᠦ ᠲᠥᠯᠥᠪᠯᠡᠭᠡ ᠠᠴᠠ ᠦᠨᠳᠦᠰᠦᠨ ᠱᠠᠲᠤᠨ ᠤ ᠦᠢᠯᠡᠳᠦᠯᠭᠡ ᠬᠦᠷᠲᠡᠯ᠎ᠡ ᠤᠷᠲᠤᠳᠬᠠᠵᠤ᠂ | ᠦᠵᠡᠯ ᠰᠠᠨᠠᠭ᠎ᠠ ᠣᠨᠣᠯᠵᠢᠬᠤᠨ ᠠᠴᠠ ᠪᠣᠳᠠᠲᠠᠢ ᠦᠢᠯᠡ ᠠᠵᠢᠯᠯᠠᠭ᠎ᠠ ᠬᠦᠷᠲᠡᠯ᠎ᠡ ᠭᠦᠨᠵᠡᠭᠡᠶᠢᠷᠡᠭᠦᠯᠬᠦ ᠶᠢ ᠠᠬᠢᠭᠤᠯᠵᠤ᠂ | ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠳᠠ ᠦᠭᠡᠢ ᠪᠠᠬᠢᠵᠢᠭᠦᠯᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ | ᠣᠷᠣᠨ ᠤ ᠬᠠᠤᠯᠢ ᠴᠠᠭᠠᠵᠠ ᠶᠢᠨ ᠲᠢᠩᠬᠢᠮ᠂ ᠥᠪᠥᠷ ᠮᠣᠩᠭᠤᠯ ᠤᠨ ᠬᠢᠯᠢ ᠪᠠᠷ ᠨᠡᠪᠲᠡᠷᠡᠬᠦ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡ ᠵᠢᠴᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ 2025 ᠣᠨ ᠤ ᠪᠥᠬᠦ ᠠᠷᠠᠳ ᠤᠨ ᠤᠯᠤᠰ ᠤᠨ | ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ︵ᠥᠪᠥᠷ ᠮᠣᠩᠭᠤᠯ ᠥᠷᠲᠡᠭᠡ ︶ ᠶᠢ ᠤᠯᠠᠭᠠᠨᠴᠠᠪ ᠲᠤ ᠡᠷᠬᠢᠯᠡᠪᠡ᠃ | ᠬᠥᠬᠡᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠰᠠᠯᠠᠭ᠎ᠠ ᠮᠥᠴᠢᠷ ᠤᠳ᠂ ᠬᠤᠲᠠ ᠶᠢᠨ ᠤᠯᠤᠰ ᠤᠨ | ᠠᠮᠤᠷ ᠲᠦᠪᠰᠢᠨ ᠤ ᠲᠣᠪᠴᠢᠶ᠎ᠠ ᠶᠢᠨ ᠬᠢᠨ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠲᠣᠮᠣ ᠠᠰᠠᠷ ᠲᠤ | ᠭᠤᠣᠯ ᠰᠡᠳᠦᠪᠲᠦ ᠦᠵᠡᠭᠦᠯᠭᠡ ᠡᠷᠬᠢᠯᠡᠪᠡ᠃ | ᠪᠤᠭᠤᠲᠤ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ ᠶᠢᠨ ᠬᠢᠨ ᠬᠤᠩ ᠶᠤᠸᠠᠨ ᠰᠢᠨ᠎ᠡ ᠮᠠᠲ᠋ᠧᠷᠢᠶᠠᠯ ︵ | ᠪᠤᠭᠤᠲᠤ ︶ ᠤᠨ ᠬᠢᠵᠠᠭᠠᠷᠲᠤ ᠺᠣᠮᠫᠠᠨᠢ ᠶᠢᠨ ᠬᠦᠷᠢᠶᠡᠯᠡᠩ ᠲᠣᠭᠤᠷᠢᠭ ᠲᠤ ᠬᠦᠷᠴᠦ᠂ ᠠᠵᠢᠯᠲᠠᠳ ᠲᠤ ᠲᠦᠭᠡᠮᠡᠯ | ᠠᠰᠢᠭ ᠬᠦᠷᠲᠡᠭᠡᠬᠦ ᠵᠠᠬ᠎ᠠ ᠶᠢᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ | ᠬᠥᠯᠥᠨ ᠪᠤᠶᠢᠷ ᠤᠨ ᠬᠤᠲᠠ ᠲᠣᠭᠤᠷᠢᠭ ᠬᠤᠶᠠᠷ ᠱᠠᠲᠤᠨ ᠤ ᠤᠯᠠᠭᠠᠨᠮᠥ᠋ᠴᠢᠷ ᠤᠨ ᠬᠢᠨ ᠲᠤᠰᠬᠠᠶ ᠰᠡᠳᠦᠪᠲᠦ | ᠬᠠᠷᠢᠭᠤ ᠲᠣᠭᠯᠠᠯᠲᠠ ᠭᠠᠷᠭᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠷᠳᠡᠭᠦᠯᠦᠯ ᠢ | ᠡᠰᠡᠷᠭᠦᠴᠡᠬᠦ ᠰᠠᠯᠪᠤᠷᠢ ᠠᠩᠭᠢ ᠪᠠ ᠣᠨᠴᠠ ᠲᠥᠷᠥᠯ ᠤᠨ ᠦᠢᠯᠡᠴᠢᠯᠡᠭᠡᠨ ᠤ ᠴᠠᠭᠳᠠᠨ ᠪᠠᠶᠢᠴᠠᠭᠠᠬᠤ ᠴᠠᠭᠳᠠᠭᠠᠨ ᠤ | ᠰᠠᠯᠪᠤᠷᠢ ᠠᠩᠭᠢ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠬᠢᠪᠡ᠃ | ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠬᠢᠨ ᠤᠯᠤᠰ ᠤᠨ ᠠᠮᠤᠷ ᠲᠦᠪᠰᠢᠨ ᠤ ᠨᠡᠶᠢᠲᠡ ᠶᠢᠨ ᠮᠠᠰᠢᠨ | ᠲᠡᠷᠭᠡᠨ ᠤ ᠠᠩᠬᠠᠳᠠᠭᠴᠢ ᠲᠤᠰᠬᠠᠶ ᠱᠤᠭᠤᠮ ᠪᠣᠯᠬᠤ ︽ᠤᠯᠤᠰ ᠤᠨ ᠠᠮᠤᠷ ᠲᠦᠪᠰᠢᠨ ᠨᠡᠷᠡᠮᠵᠢᠲᠦ ︾ ᠪᠠᠨ | ᠡᠬᠢᠯᠡᠭᠦᠯᠵᠦ ᠭᠦᠶᠦᠯᠭᠡᠪᠡ᠃ ᠷᠠᠰᠢᠶᠠᠨ ᠬᠤᠲᠠ ᠨᠢ ᠪᠠᠰᠠ ᠤᠯᠤᠰ ᠤᠨ ᠠᠮᠤᠷ ᠲᠦᠪᠰᠢᠨ ᠤ ᠭᠤᠤᠯ ᠰᠡᠳᠦᠪᠲᠦ | ᠤᠬᠠᠭᠤᠯᠭ᠎ᠠ ᠶᠢᠨ ᠤᠷᠲᠤ ᠬᠤᠩᠭᠢᠯ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠭᠤᠯᠪᠠ᠃ | ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ᠂ ᠤᠯᠠᠭᠠᠨᠮᠥ᠋ᠴᠢᠷ ᠤᠨ ᠭᠡᠰᠢᠭᠦᠳ ᠳᠠᠭᠤᠤ ᠪᠥᠵᠢᠭ᠂ | ᠦᠵᠡᠭᠳᠡᠯᠲᠦ ᠵᠦᠴᠦᠭᠡ ᠵᠡᠷᠭᠡ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠬᠠᠤᠯᠢ ᠶᠢ ᠲᠣᠭᠯᠠᠯᠲᠠ ᠳᠤ ᠪᠠᠨ | ᠠᠭᠤᠰᠤᠯᠴᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠯᠭᠡᠪᠡ᠃ | ᠰᠢᠯᠢ ᠶᠢᠨ ᠭᠤᠣᠯ ᠠᠶᠢᠮᠠᠭ ᠤᠨ ᠬᠢᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ | ᠡᠳᠦᠷ ᠢᠶᠠᠷ ᠲᠣᠭᠲᠠᠭᠠᠭᠰᠠᠨ ᠤ ᠠᠷᠪᠠᠳᠠᠬᠢ ᠤᠳᠠᠭᠠᠨ ᠤ ᠡᠳᠦᠷ ᠤᠨ ᠡᠬᠢᠯᠡᠯᠲᠡ ᠶᠢᠨ ᠶᠣᠰᠣᠯᠠᠯ ᠢ ᠰᠢᠯᠢ ᠶᠢᠨ | ᠬᠤᠲᠠ ᠳᠤ ᠶᠠᠪᠤᠭᠳᠠᠭᠤᠯᠪᠠ᠃ | ᠪᠠᠶᠠᠨᠨᠠᠭᠤᠷ ᠬᠤᠳᠠ ᠶᠢᠨ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢᠨ ᠭᠤᠣᠯ | ᠰᠡᠳᠦᠪᠲᠦ ᠴᠡᠴᠡᠷᠯᠢᠭ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠯᠤᠰ ᠲᠦᠷᠦ᠂ ᠤᠯᠤᠰ ᠤᠨ ᠭᠠᠵᠠᠷ | ᠰᠢᠷᠣᠢ ᠪᠠ ᠴᠡᠷᠢᠭ ᠤᠨ ᠶᠠᠪᠤᠳᠠᠯ᠂ ᠨᠡᠶᠢᠭᠡᠮ᠂ ᠠᠵᠤ ᠠᠬᠤᠢ᠂ ᠰᠣᠶᠣᠯ ᠪᠠ ᠰᠦᠯᠵᠢᠶ᠎ᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠠ ᠠᠮᠢᠳᠤ ᠪᠣᠳᠠᠰ᠂ ᠳ᠋ᠠᠶᠢᠲ᠋ᠠ ᠪᠠ ᠭᠠᠳᠠᠭᠠᠳᠤ ᠶᠢᠨ ᠠᠰᠢᠭ ᠲᠤᠰᠠ ᠵᠢᠴᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠦᠵᠡᠭᠦᠯᠭᠡ ᠶᠢᠨ 9 ᠲᠣᠭᠤᠷᠢᠭ ᠨᠢ | ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ ᠲᠣᠭᠤᠷᠢᠨ ᠦᠵᠡᠵᠡᠭᠡᠵᠦ ᠪᠠᠶᠢᠪᠠ᠃ | ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠤᠯᠢ ᠳᠦᠷᠢᠮ ᠤᠨ ᠰᠠᠯᠪᠤᠷᠢ ᠠᠩᠭᠢ᠂ | ᠤᠯᠤᠰ ᠲᠥᠷᠦ ᠶᠢᠨ ᠬᠠᠮᠠᠭᠠᠯᠠᠯᠲᠠ ᠶᠢᠨ ᠰᠠᠯᠪᠤᠷᠢ ᠠᠩᠭᠢ ᠵᠡᠷᠭᠡ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ | ᠤᠬᠠᠮᠰᠠᠷ ᠢ ᠨᠢ ᠴᠢᠩᠭᠠᠳᠬᠠᠵᠤ᠂ ᠤᠬᠠᠮᠰᠠᠷ ᠠᠴᠠ ᠪᠠᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ | ᠬᠠᠤᠯᠢ ᠶᠢ ᠰᠠᠬᠢᠬᠤ ᠬᠠᠤᠯᠢ ᠶᠢ ᠬᠡᠷᠡᠭᠯᠡᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠢ ᠢᠯᠡᠴᠢᠯᠡᠵᠦ᠂ ᠤᠯᠤᠰ ᠤᠨ ᠠᠮᠤᠷ ᠲᠦᠪᠰᠢᠨ ᠤ ᠠᠷᠠᠳ ᠤᠨ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ | ᠠᠯᠠᠱᠠ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠪᠯᠡᠯ ᠤᠨ ᠡᠭᠦᠷ ᠨᠢ ᠠᠯᠠᠱᠠ | ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠭᠠᠳᠠᠷ ᠰᠠᠯᠠᠭᠠᠨ ᠤ ᠨᠠᠮ ᠤᠨ ᠡᠭᠦᠷ᠂ ᠡᠮᠨᠡᠯᠭᠡ ᠶᠢᠨ ᠬᠤᠷᠢᠶᠠᠨ ᠤ | ᠡᠪᠯᠡᠯ ᠤᠨ ᠬᠤᠷᠢᠶ᠎ᠠ ᠪᠣᠯᠤᠨ ᠠᠯᠠᠱᠠ ᠵᠡᠭᠦᠨ ᠬᠤᠰᠢᠭᠤᠨ ᠤ ᠮᠠᠨᠳᠤᠯ ᠨᠡᠶᠢᠭᠡᠮ ᠲᠣᠭᠤᠷᠢᠭ ᠤᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠯᠦᠭᠡ ᠬᠠᠮᠲᠤᠷᠠᠨ᠂ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ | ᠥᠷᠨᠢᠭᠦᠯᠪᠡ᠃ |