ᠪᠤᠤ ᠱᠢ ᠪᠠᠯᠭᠠᠰᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠬᠠᠶ ᠶᠢᠨ ᠲᠠᠯᠠᠪᠠᠶ ᠶᠢᠨ ᠲᠠᠨᠢᠯᠴᠠᠭᠤᠯᠭ᠎ᠠ ᠥᠷᠨᠢᠭᠦᠯᠵᠦ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠦᠵᠡᠮᠵᠢ ᠵᠢᠷᠤᠭ ᠢ ᠵᠢᠷᠤᠭᠯᠠᠪᠠ
ᠨᠡᠶᠢᠲᠡᠯᠡᠭᠰᠡᠨ ᠴᠠᠭ᠄
2025/4/19
   ᠣᠶᠢᠷ᠎ᠠ ᠳᠤ᠂ ᠪᠤᠤ ᠱᠢ ᠪᠠᠯᠭᠠᠰᠤ ᠪᠥᠬᠦ ᠪᠠᠭ ᠤᠨ ᠪᠦᠷᠢᠯᠳᠦᠬᠦᠨ᠂ ᠲᠣᠰᠬᠤᠨ ᠳᠠᠭᠠᠭᠠᠴᠢᠯᠠᠭᠰᠠᠨ ᠺᠠᠳ᠋ᠷ ᠵᠢᠴᠢ ᠡᠯ᠎ᠡ ᠲᠣᠰᠬᠤᠨ ᠤ ᠱᠦᠵᠢ ᠶᠢ ᠵᠣᠬᠢᠶᠠᠨ ᠪᠠᠶᠢᠭᠤᠯᠵᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠬᠠᠶ ᠶᠢᠨ ᠲᠠᠯᠠᠪᠠᠶ ᠶᠢᠨ ᠲᠠᠨᠢᠯᠴᠠᠭᠤᠯᠭ᠎ᠠ ᠶᠢᠨ ᠬᠤᠷᠠᠯ ᠥᠷᠨᠢᠭᠦᠯᠪᠡ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠦᠯᠬᠦᠮ ᠲᠠᠭᠠᠭᠤᠯᠤᠨ 16 ᠲᠣᠰᠬᠤᠨ ᠢ ᠲᠣᠭᠤᠷᠢᠨ ᠦᠵᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠷᠢᠭᠤᠨ ᠴᠡᠪᠡᠷ ᠤᠨ ᠲᠦᠷᠢᠮ ᠤᠨ ᠨᠠᠶᠢᠳᠠᠪᠤᠷᠢᠵᠢᠭᠤᠯᠤᠯᠲᠠ᠂ ᠨᠣᠭᠤᠭᠠᠷᠠᠭᠤᠯᠤᠯᠲᠠ ᠭᠤᠸᠠᠵᠢᠭᠤᠯᠤᠯᠲᠠ ᠶᠢᠨ ᠦᠷ᠎ᠡ ᠪᠦᠲᠦᠮᠵᠢ ᠵᠡᠷᠭᠡ ᠶᠢ ᠪᠠᠶᠢᠴᠠᠭᠠᠨ ᠦᠵᠡᠬᠦ ᠪᠠᠷ ᠳᠡᠮᠵᠢᠨ᠂ ᠡᠯ᠎ᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠳᠤ ᠶᠡᠷᠦᠩᠬᠡᠶᠢᠯᠡᠭᠰᠡᠨ ᠦᠨᠡᠯᠡᠯᠲᠡ ᠬᠢᠵᠡᠶ᠃ ᠬᠤᠭ ᠨᠣᠪᠰᠢ ᠪᠤᠯᠠᠬᠤ ᠴᠡᠭ ᠤᠨ ᠭᠠᠵᠠᠷ ᠰᠣᠩᠭᠤᠬᠤ᠂ ᠡᠯᠳᠡᠪ ᠪᠣᠳᠠᠰ ᠢ ᠣᠪᠣᠭᠠᠯᠠᠨ ᠲᠠᠯᠪᠢᠬᠤ ᠵᠡᠷᠭᠡ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠤᠳᠤᠷᠢᠳᠬᠤ ᠪᠠᠭ ᠤᠨ ᠪᠦᠷᠢᠯᠳᠦᠬᠦᠨ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠡᠯ᠎ᠡ ᠲᠣᠰᠬᠤᠨ ᠤ ᠱᠦᠵᠢ ᠵᠡᠷᠭᠡ ᠪᠠᠷ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠬᠠᠷᠢᠭᠤ ᠮᠡᠳᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠴᠡᠭᠴᠡᠯᠡᠨ ᠵᠠᠰᠠᠬᠤ ᠠᠵᠢᠯ ᠳᠤ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃
   ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠪᠦᠬᠦ ᠬᠥᠮᠦᠰ ᠪᠤᠤ ᠹᠧᠩ ᠲᠣᠰᠬᠤᠨ ᠳᠤ ᠶᠠᠷᠢᠯᠴᠠᠬᠤ ᠬᠤᠷᠠᠯ ᠬᠢᠪᠡ᠃ ᠬᠤᠷᠠᠯ ᠨᠢ ︽ᠦᠷ᠎ᠡ ᠪᠦᠲᠦᠮᠵᠢ ᠶᠢ ᠠᠳᠠᠯᠢᠳᠬᠠᠬᠤ᠂ ᠲᠤᠷᠰᠢᠯᠭ᠎ᠠ ᠰᠤᠷᠤᠯᠴᠠᠬᠤ᠂ ᠡᠷᠴᠢ ᠵᠣᠷᠢᠭ ᠢ ᠤᠷᠤᠯᠳᠤᠬᠤ︾ ᠪᠠᠷ ᠭᠤᠤᠯ ᠰᠢᠵᠢᠮ ᠪᠣᠯᠭᠠᠵᠤ᠂ ᠡᠯ᠎ᠡ ᠲᠣᠰᠬᠤᠨ ᠬᠥᠨᠳᠡᠯᠡᠨ  ᠢᠶᠠᠷ ᠬᠠᠷᠢᠴᠠᠭᠤᠯᠬᠤ ᠪᠠᠷ ᠳᠠᠮᠵᠢᠭᠤᠯᠤᠨ ᠲᠣᠰ ᠪᠡᠶ᠎ᠡ ᠶᠢᠨ ᠳᠤᠲᠠᠭᠤᠳᠠᠯ ᠢᠶᠠᠨ ᠵᠠᠳᠠᠯᠵᠤ᠂ ᠲᠡᠷᠢᠭᠦᠨ ᠤ ᠠᠷᠭ᠎ᠠ ᠬᠢᠳᠡᠯ ᠢ ᠰᠤᠷᠤᠯᠴᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠢᠬᠤᠯᠠᠴᠢᠯᠠᠬᠤ ᠳᠠᠭᠠᠨ᠂ ︽ᠬᠦᠷᠦᠯᠴᠡᠬᠦ ᠥᠬᠡᠶ ᠲᠠᠯ᠎ᠠ ᠪᠠᠨ ᠮᠡᠳᠡᠵᠦ ᠪᠠᠶᠢᠭᠠᠳ ᠡᠷᠡᠯᠬᠡᠭᠯᠡᠨ ᠤᠷᠤᠭᠰᠢᠯᠠᠬᠤ︾ ᠣᠪᠣᠷ ᠢᠶᠠᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ᠬᠤᠴᠣᠷᠤᠩᠭᠤᠶ ᠨᠢ ᠲᠡᠷᠢᠭᠦᠨ ᠤ ᠬᠢ ᠪᠠᠨ ᠬᠥᠷᠬᠦ᠂ ᠲᠡᠷᠢᠭᠦᠨ ᠤ ᠨᠢ ᠨᠠᠩ ᠢᠯᠡᠭᠦᠦ ᠲᠡᠷᠢᠭᠦᠨ  ᠤ ᠬᠢ ᠪᠣᠯᠬᠤ ᠪᠠᠷ ᠴᠢᠷᠮᠠᠶᠢᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ︽ᠪᠠᠷᠢᠮᠵᠢᠶ᠎ᠠ ᠳᠤ ᠬᠦᠷᠭᠡᠬᠦ︾ ᠠᠴᠠ ︽ᠰᠣᠳᠣᠨ ᠪᠦᠲᠦᠭᠡᠯ︾ ᠳᠠᠰᠢ ᠤᠷᠤᠭᠰᠢᠯᠠᠭᠤᠯᠬᠤ ᠬᠡᠷᠡᠭᠲᠡᠶ ᠭᠡᠵᠡᠶ᠃
   ᠲᠤᠰ ᠤᠳᠠᠭ᠎ᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠪᠣᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠵᠢᠯᠣᠭᠤᠳᠬᠤ ᠬᠤᠷᠠᠯ ᠪᠣᠯᠬᠤ ᠪᠠᠷ ᠪᠠᠷᠠᠬᠤ ᠦᠭᠡᠢ᠂ ᠨᠡᠩ ᠴᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠶᠢᠴᠢᠯᠠᠯᠳᠠ ᠶᠢᠨ ᠬᠤᠷᠠᠯ ᠪᠣᠯᠤᠨ᠎ᠠ᠃ ᠪᠤᠤ ᠱᠢ ᠪᠠᠯᠭᠠᠰᠤ ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ︽ᠡᠳᠦᠷ ᠲᠤᠲᠤᠮ ᠤᠨ ᠬᠢᠨᠠᠨ ᠵᠢᠯᠣᠭᠤᠳᠣᠯᠭ᠎ᠠ + ᠲᠣᠭᠲᠠᠮᠠᠯ ᠬᠤᠭᠤᠴᠠᠭᠠᠲᠤ ᠰᠢᠯᠭᠠᠷᠠᠭᠤᠯᠤᠯᠲᠠ︾ ᠶᠢᠨ ᠲᠣᠭᠲᠠᠴᠠ ᠶᠢ ᠪᠦᠷᠢᠨᠰᠢᠭᠦᠯᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠵᠤ᠂ ᠨᠠᠷᠢᠯᠢᠭᠵᠢᠭᠤᠯᠬᠤ ᠶᠢ ᠠᠬᠢᠭᠤᠯᠤᠨ᠎ᠠ᠃ ᠺᠠᠳ᠋ᠷ ᠲᠦᠷᠦᠭᠦᠯᠡᠨ ᠬᠢᠬᠦ᠂ ᠣᠯᠠᠨ ᠲᠦᠮᠡᠨ ᠣᠷᠣᠯᠴᠠᠬᠤ᠂ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠪᠠᠷ ᠳᠠᠮᠵᠢᠭᠤᠯᠤᠨ᠂ ᠴᠡᠪᠡᠷ ᠴᠡᠮᠴᠡᠭᠡᠷ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号