ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/2
   4 ᠰᠠᠷ᠎ᠠ ᠶᠢᠨ 1 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠭᠦᠸᠧ ᠮᠢᠩ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠰᠢᠶᠠᠨ ᠹᠧᠩ᠂ ᠴᠢᠦᠶ ᠲᠦᠩ ᠨᠢᠶᠠᠨ ᠵᠢᠴᠢ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠧᠩ ᠴᠦᠨ ᠹᠧᠩ᠂ ᠰᠢᠶᠠᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠣᠨᠴᠠ ᠤᠷᠢᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 6 ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠳᠡᠭᠡᠷ᠎ᠡ᠂ ︽ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ︾ ︵ᠰᠢᠨ᠎ᠡ ᠪᠠᠷ ᠵᠠᠰᠠᠪᠤᠷᠢ ᠣᠷᠣᠭᠤᠯᠤᠭᠰᠠᠨ ︶ ᠶᠢ ᠤᠯᠠᠮᠵᠢᠯᠠᠨ ᠰᠤᠷᠤᠯᠴᠠᠵᠤ᠂ ︽ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ︾᠂ ︽ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠪᠦᠬᠦ ᠰᠢᠶᠠᠨ ᠤ ᠣᠷᠴᠢᠨ ᠲᠣᠭᠤᠷᠢᠨ ᠤ ᠪᠠᠶᠢᠳᠠᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︾ ᠵᠡᠷᠭᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠪᠠ᠃    ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠢ ᠥᠷᠨᠢᠭᠦᠯᠬᠦ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠭᠤᠣᠯ ᠰᠡᠳᠦᠪᠲᠦ ᠰᠤᠷᠤᠯᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠠᠩᠬᠠᠷᠴᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠥᠭᠡᠷᠡᠴᠢᠯᠡᠬᠦ ᠶᠢ ᠠᠩᠬᠠᠷᠴᠤ᠂ ᠰᠤᠷᠤᠯᠴᠠᠬᠤ ᠳᠠᠭᠠᠨ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂ ᠥᠭᠡᠷᠡᠴᠢᠯᠡᠬᠦ ᠳᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠳᠡ ᠪᠠᠨ ᠨᠡᠭᠡᠭᠡᠬᠦ ᠰᠤᠷᠭᠠᠨ ᠬᠥᠮᠦᠵᠢᠯ ᠢ ᠪᠠᠷᠢᠮᠲᠠᠯᠠᠵᠤ᠂ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠰᠢᠶᠠᠨ ᠤ ᠬᠡᠪᠴᠢᠶᠡᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠰᠤᠷᠠᠯᠲᠠ ᠦᠭᠡᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号