ᠲᠦᠴᠢᠦᠸᠠᠨ ᠰᠢᠶᠠᠨ ᠤ ᠰᠣᠶᠣᠯ ᠤᠨ ᠣᠷᠳᠣᠨ ᠲᠠᠯᠠᠪᠠᠶ ᠶᠢᠨ ᠪᠥᠵᠢᠭ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/2
   ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠭᠤᠳᠠᠮ ᠲᠠᠯᠠᠪᠠᠶ ᠶᠢᠨ ᠪᠥᠵᠢᠭ ᠤᠨ ᠠᠵᠢᠯᠯᠠᠭ᠎ᠠ ᠶᠢ ᠥᠷᠨᠢᠭᠦᠨ ᠢᠶᠠᠷ ᠬᠦᠭᠵᠢᠭᠦᠯᠬᠦ ᠶᠢ ᠬᠥᠲᠥᠯᠥᠨ ᠵᠢᠯᠣᠭᠤᠳᠴᠤ ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 3 ᠰᠠᠷ᠎ᠠ ᠶᠢᠨ 31 ᠤ ᠡᠳᠦᠷ᠂ ᠲᠦᠴᠢᠦᠸᠠᠨ ᠰᠢᠶᠠᠨ ᠤ ᠰᠣᠶᠣᠯ ᠤᠨ ᠣᠷᠳᠣᠨ ᠰᠢᠶᠠᠨ ᠤ ᠳᠣᠲᠣᠷᠠᠬᠢ ᠠᠭᠤᠳᠠᠮ ᠲᠠᠯᠠᠪᠠᠶ ᠶᠢᠨ ᠪᠥᠵᠢᠭ ᠤᠨ ᠪᠠᠭ᠋ᠠᠲᠠᠨ ᠵᠢᠴᠢ ᠡᠯ᠎ᠡ ᠰᠢᠶᠠᠩ ᠪᠠᠯᠭᠠᠰᠤᠨ ᠤ ᠠᠭᠤᠳᠠᠮ ᠲᠠᠯᠠᠪᠠᠶ ᠶᠢᠨ ᠪᠥᠵᠢᠭ ᠤᠨ ᠳᠠᠭᠠᠭᠤᠯᠤᠭᠴᠢ  ᠳᠤ ᠬᠠᠨᠳᠤᠭᠤᠯᠤᠨ ᠪᠥᠬᠦ ᠠᠶᠢᠮᠠᠭ ᠲᠤ ᠳᠡᠯᠭᠡᠷᠡᠭᠦᠯᠦᠭᠰᠡᠨ ᠠᠭᠤᠳᠠᠮ ᠲᠠᠯᠠᠪᠠᠶ ᠶᠢᠨ ᠲᠠᠮᠢᠷ ︽ᠨᠧ ᠵᠠ︾ ᠵᠢᠴᠢ ᠠᠭᠤᠳᠠᠮ ᠲᠠᠯᠠᠪᠠᠶ ᠶᠢᠨ ᠪᠥᠵᠢᠭ ︽ᠲᠠᠪᠬᠢᠵᠦ ᠪᠠᠶᠢᠭ᠎ᠠ ᠮᠣᠩᠭᠤᠯ ᠮᠣᠷᠢ︾ ᠶᠢ ᠲᠦᠭᠡᠮᠡᠯᠵᠢᠭᠦᠯᠪᠡ᠃
   ︽ᠨᠧ ᠵᠠ︾ ᠨᠢ ᠠᠮᠢᠵᠢᠷᠠᠯ ᠤᠨ ᠬᠦᠴᠦᠨ ᠪᠣᠯᠤᠨ ᠬᠥᠳᠡᠯᠭᠡᠭᠡᠨᠲᠦ ᠮᠡᠳᠡᠷᠡᠮᠵᠢ ᠪᠠᠷ ᠪᠢᠯᠬᠠᠮ᠎ᠠ᠂ ᠬᠥᠳᠡᠯᠦᠯ  ᠤᠨ ᠲᠥᠯᠥᠪᠯᠡᠭᠡ ᠤᠷᠠᠨ᠂ ᠮᠠᠰᠢ ᠴᠢᠩᠭ᠎ᠠ ᠠᠶᠢᠵᠠᠮᠲᠤ ᠴᠢᠨᠠᠷ ᠪᠠ ᠰᠣᠨᠢᠷᠬᠠᠯᠲᠤ ᠴᠢᠨᠠᠷ ᠲᠠᠢ︔ ︽ᠲᠠᠪᠬᠢᠵᠦ ᠪᠠᠶᠢᠭ᠎ᠠ ᠮᠣᠩᠭᠤᠯ ᠮᠣᠷᠢ︾ ᠨᠢ ᠮᠣᠩᠭᠤᠯ ᠦᠨᠳᠦᠰᠦᠲᠡᠨ ᠤ ᠪᠥᠵᠢᠭ ᠤᠨ ᠡᠯᠧᠮᠧᠨ᠋ᠲ ᠢ ᠠᠭᠤᠰᠬᠠᠵᠤ᠂ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠠᠮᠢᠳᠤᠯᠢᠭ ᠢᠶᠠᠷ ᠢᠯᠡᠷᠡᠭᠦᠯᠵᠦ᠂ ᠲᠦᠴᠢᠦᠸᠠᠨ ᠰᠢᠶᠠᠨ ᠤ ᠠᠭᠤᠳᠠᠮ ᠲᠠᠯᠠᠪᠠᠢ ᠶᠢᠨ ᠪᠥᠵᠢᠭ ᠤᠨ ᠪᠠᠭ᠋ᠠᠳᠠᠳ ᠵᠢᠴᠢ ᠡᠯ᠎ᠡ ᠰᠢᠶᠠᠩ ᠪᠠᠯᠭᠠᠰᠤᠨ ᠤ ᠠᠭᠤᠳᠠᠮ ᠲᠠᠯᠠᠪᠠᠢ ᠶᠢᠨ ᠪᠥᠵᠢᠭ ᠤᠨ ᠲᠠᠭᠠᠭᠤᠯᠤᠬᠴᠢᠳ ᠲᠤ ᠪᠥᠵᠢᠭ ᠰᠤᠷᠤᠯᠴᠠᠬᠤ ᠶᠢᠨ ᠬᠠᠮᠲᠤ ᠪᠠᠰᠠ ᠦᠨᠳᠦᠰᠦᠲᠡᠨ ᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠶᠢ ᠮᠡᠳᠡᠷᠡᠭᠦᠯᠪᠡ᠃
   ᠲᠣᠰ ᠤᠳᠠᠭᠠᠨ ᠤ ᠲᠠᠯᠠᠪᠠᠶ ᠶᠢᠨ ᠪᠥᠵᠢᠭ ᠤᠨ ᠪᠣᠯᠪᠠᠰᠤᠷᠠᠯ ᠤᠨ ᠠᠵᠢᠯᠯᠠᠭ᠎ᠠ ᠨᠢ ᠲᠦᠴᠢᠦᠸᠠᠨ ᠰᠢᠶᠠᠨ ᠤ ᠲᠠᠯᠠᠪᠠᠶ ᠶᠢᠨ ᠪᠥᠵᠢᠭ ᠤᠨ ᠪᠠᠭ᠋ᠠᠳᠠᠳ ᠵᠢᠴᠢ ᠡᠯ᠎ᠡ ᠰᠢᠶᠠᠩ ᠪᠠᠯᠭᠠᠰᠤᠨ ᠤ ᠲᠠᠯᠠᠪᠠᠶ ᠶᠢᠨ ᠪᠥᠵᠢᠭ ᠤᠨ ᠳᠠᠭᠠᠭᠤᠯᠤᠭᠴᠢ ᠳᠤ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠲᠦᠴᠢᠦᠸᠠᠨ ᠰᠢᠶᠠᠨ ᠤ ᠲᠠᠯᠠᠪᠠᠶ ᠶᠢᠨ ᠪᠥᠵᠢᠭ ᠤᠨ ᠠᠵᠢᠯᠯᠠᠭ᠎ᠠ ᠶᠢᠨ ᠵᠢᠷᠤᠮᠵᠢᠯᠲᠠ᠂ ᠲᠤᠰᠬᠠᠶᠢᠵᠢᠯᠲᠠ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃ ᠲᠦᠴᠢᠦᠸᠠᠨ ᠰᠢᠶᠠᠨ ᠤ ᠠᠭᠤᠳᠠᠮ ᠲᠠᠯᠠᠪᠠᠶ ᠶᠢᠨ ᠪᠥᠵᠢᠭ ᠤᠨ ᠠᠵᠢᠯᠯᠠᠭ᠎ᠠ ᠴᠤ ᠨᠠᠩ ᠥᠷᠨᠢᠨ ᠬᠥᠭᠵᠢᠵᠦ᠂ ᠣᠷᠣᠨ ᠨᠤᠲᠤᠭ ᠤᠨ ᠰᠣᠶᠣᠯ ᠪᠠ ᠣᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠬᠦ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠪᠣᠯᠬᠤ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号