ᠯᠢᠦ ᠬᠣ᠋ ᠪᠠᠯᠭᠠᠰᠤ ᠶᠢᠨ ᠾᠧ ᠱᠧᠩ ᠲᠣᠰᠬᠤᠨ ᠬᠦᠯᠡᠮᠵᠢ ᠳᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠤᠷᠤᠭᠰᠢᠯᠠᠯᠲᠠ ᠶᠢᠨ ᠬᠥᠭᠵᠢᠮ ᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2025/4/20
   ᠡᠳᠦᠷ ᠢᠷᠡᠬᠦᠶ᠎ᠡ ᠳᠤᠯᠠᠭᠠᠷᠠᠬᠤ ᠶᠢ ᠳᠠᠭᠠᠯᠳᠤᠨ᠂ ᠯᠢᠦ ᠬᠣ᠋ ᠪᠠᠯᠭᠠᠰᠤ ᠶᠢᠨ ᠾᠧ ᠱᠧᠩ ᠲᠤᠰᠬᠤᠨ ᠤ ᠬᠦᠯᠡᠮᠵᠢ ᠶᠢᠨ ᠲᠠᠷᠢᠮᠠᠯ ᠤᠨ ᠠᠵᠤ ᠦᠶᠯᠡᠰ ᠥᠷᠨᠢᠨ ᠬᠥᠭᠵᠢᠬᠦ ᠰᠢᠵᠢᠷ ᠠᠯᠲᠠᠨ ᠴᠠᠭ ᠦᠶ᠎ᠡ ᠪᠠᠨ ᠤᠭᠲᠤᠨ ᠠᠪᠴᠢᠷᠠᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ᠂ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠪᠠ᠃
   ᠾᠧ ᠱᠧᠩ ᠲᠣᠰᠬᠤᠨ ᠤ ᠠᠮᠲᠠᠲᠤ ᠬᠡᠮᠬᠡ ᠶᠢᠨ ᠬᠦᠯᠡᠮᠵᠢ ᠳᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠥᠳᠡᠯᠮᠦᠷᠢ ᠶᠢᠨ ᠵᠢᠷᠤᠭ ᠨᠢᠳᠦᠨ ᠳᠤ ᠲᠣᠳᠣᠷᠠᠨ᠎ᠠ᠃ ᠨᠢᠭᠡ ᠨᠢᠭᠡᠳ ᠰᠠᠭᠤᠷᠢ ᠭᠤᠸᠠ ᠶᠢᠨ ᠴᠢᠬᠢ ᠡᠮᠬᠢ ᠳᠠᠷᠠᠭ᠎ᠠ  ᠲᠠᠢ ᠵᠢᠭᠰᠠᠵᠤ᠂ ᠢᠭ᠍ᠴᠤ ᠰᠠᠬᠤᠯᠢᠭ ᠣᠷᠢᠶᠠᠩᠭᠤ ᠶᠢᠨ ᠬᠤᠭᠤᠷᠣᠨᠳᠣ᠂ ᠨᠢᠳᠤᠷᠭ᠎ᠠ ᠶᠢᠨ ᠶᠡᠭᠡ ᠪᠠᠭ᠎ᠠ ᠶᠢᠨ ᠠᠮᠲᠠᠲᠤ ᠬᠡᠮᠬᠡ ᠲᠦᠭᠦᠷᠡᠩ ᠰᠠᠭᠤᠨ᠎ᠠ᠃ ᠲᠣᠰᠬᠤᠨ ᠤ ᠠᠷᠠᠳ ᠭᠤᠸᠠ ᠶᠢᠨ ᠴᠢᠬᠢ ᠪᠦᠷᠢ ᠶᠢᠨ ᠤᠷᠭᠤᠯᠲᠠ ᠶᠢᠨ ᠪᠠᠶᠢᠳᠠᠯ ᠢ ᠨᠠᠷᠢᠨ ᠠᠵᠢᠭᠯᠠᠵᠤ ᠪᠠᠶᠢᠯ᠎ᠠ᠃ ᠵᠢᠩ ᠵᠢᠶᠠ ᠳᠦᠨ ᠲᠣᠰᠬᠤᠨ ᠤ ᠠᠷᠠᠳ ᠵᠧᠦ ᠰᠦ᠋ ᠮᠧᠢ᠄ ︽ᠬᠠᠭᠠᠰ ᠰᠠᠷ᠎ᠠ ᠶᠢᠨ ᠲᠠᠷᠠᠭ᠎ᠠ᠂ ᠠᠩᠬᠠᠨ ᠤ ᠠᠮᠲᠠᠲᠤ ᠬᠡᠮᠬᠡ ᠵᠠᠬ᠎ᠠ ᠳᠡᠯᠭᠡᠭᠦᠷ ᠲᠤ ᠭᠠᠷᠴᠢᠬᠠᠨ᠎ᠠ︕ ᠪᠢ ᠴᠢᠬᠢ ᠰᠠᠭᠤᠯᠭᠠᠬᠤ ᠠᠴᠠ ᠡᠬᠢᠯᠡᠨ ᠠᠳᠡ ᠠᠵᠢᠯᠯᠠᠵᠤ᠂ ᠨᠢᠭᠡ ᠴᠠᠭ ᠠᠷᠪᠠᠨ ᠲᠥᠭᠦᠷᠢᠭ᠂ ᠭᠡᠷ ᠠᠴᠠ ᠤᠶᠢᠷ᠎ᠠ ᠠᠵᠢᠯ ᠪᠠᠰᠠ ᠲᠣᠭᠲᠠᠪᠤᠷᠢᠲᠠᠶ᠃︾ ᠭᠡᠵᠦ ᠪᠠᠶᠠᠷᠲᠠᠢ ᠬᠡᠯᠡᠨ᠎ᠡ᠃
   ᠰᠢᠶᠧ ᠴᠢᠩ ᠷᠦᠩ ᠤᠨ ᠦᠵᠦᠮ ᠤᠨ ᠬᠦᠯᠡᠮᠵᠢ ᠶᠢᠨ ᠳᠣᠲᠣᠷ᠎ᠠ᠂ ᠮᠥᠨ ᠴᠦ ᠮᠠᠰᠢ ᠶᠠᠭᠠᠷᠠᠯᠲᠠᠶ ᠪᠥᠭᠡᠳ ᠬᠦᠰᠡᠯ ᠡᠷᠡᠮᠡᠯᠵᠡᠯ ᠢᠶᠠᠷ ᠪᠢᠯᠬᠠᠭᠰᠠᠨ ᠦᠵᠡᠮᠵᠢ ᠪᠣᠯᠤᠨ᠎ᠠ᠃ ᠨᠢᠭᠡ ᠬᠡᠯᠬᠢᠶ᠎ᠡ ᠬᠥᠬᠡ ᠦᠵᠦᠮ ᠨᠢᠭᠡᠨᠲᠡ ᠮᠣᠳᠣᠨ ᠳᠡᠭᠡᠷ᠎ᠡ ᠡᠯᠭᠦᠭᠳᠡᠵᠦ᠂ ᠶᠠᠭ ᠨᠣᠭᠤᠭᠠᠨ ᠬᠠᠰ ᠰᠢᠭ ᠬᠥᠮᠦᠨ ᠤ ᠪᠠᠭ᠋ᠠᠷᠬᠠᠯ ᠢ ᠲᠠᠲᠠᠨ᠎ᠠ᠃ ᠰᠢᠶᠧ ᠴᠢᠩ ᠷᠦᠩ ᠲᠠᠨᠢᠯᠴᠠᠭᠤᠯᠬᠤ ᠳᠠᠭᠠᠨ᠄ ︽ᠮᠠᠨ ᠤ ᠬᠦᠯᠡᠮᠵᠢ 1 ᠮᠥ ᠭᠠᠵᠠᠷ ᠬᠥᠷᠬᠦ ᠥᠬᠡᠶ᠂ 500 ᠰᠠᠭᠤᠷᠢ ︿ᠽᠢ ᠼᠦᠢ ᠰᠢᠶᠠᠩ﹀ ᠦᠵᠦᠮ ᠤᠨ ᠮᠣᠳᠣ ᠳᠠᠷᠢᠪᠠ᠂ ᠣᠲᠣ ᠨᠢᠭᠡᠨᠲᠡ ᠵᠢᠮᠢᠰᠯᠡᠬᠦ ᠬᠤᠭᠤᠴᠠᠭᠠᠨ ᠳᠤ ᠣᠷᠣᠵᠤ᠂ ᠵᠢᠱᠢᠯᠲᠡ ᠪᠠᠷ ᠲᠠᠪᠤᠨ ᠰᠠᠷ᠎ᠠ ᠶᠢᠨ ᠨᠢᠭᠡᠨ ᠤ ᠣᠷᠴᠢᠮ ᠪᠣᠯᠪᠠᠰᠤᠷᠠᠵᠤ᠂ ᠮᠥ ᠪᠦᠷᠢ 4000 ᠵᠢᠩ ᠤᠨᠠᠯᠲᠠ ᠲᠠᠢ ᠪᠣᠯᠤᠨ᠎ᠠ᠃ ᠡᠨᠡ ᠵᠢᠯ᠂ ᠪᠢᠳᠡ ᠪᠠᠰᠠ ᠰᠢᠨ᠎ᠡ ᠪᠠᠷ ︿ᠰᠢᠶᠠ ᠾᠧᠢ﹀ ᠦᠵᠦᠮ 720 ᠰᠠᠭᠤᠷᠢ ᠳᠠᠷᠢᠪᠠ᠂ ᠵᠢᠱᠢᠯᠲᠡ ᠪᠠᠷ 7 ᠰᠠᠷ᠎ᠠ  ᠳᠤ ᠵᠠᠬ᠎ᠠ ᠳᠡᠯᠭᠡᠭᠦᠷ ᠲᠤ ᠭᠠᠷᠬᠤ ᠪᠣᠯᠤᠨ᠎ᠠ᠃︾ ᠭᠡᠪᠡ᠃
   ︽ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ᠲᠣᠰᠬᠤᠨ ᠤ ᠬᠠᠮᠲᠤ ᠶᠢᠨ ᠬᠦᠯᠡᠮᠵᠢ  ᠶᠢᠨ ᠲᠠᠷᠢᠮᠠᠯ ᠤᠨ ᠲᠠᠯᠠᠪᠠᠶ ᠶᠢ 18 ᠮᠥ ᠥᠷᠭᠡᠳᠬᠡᠵᠦ᠂ ᠠᠮᠲᠠᠲᠤ ᠬᠡᠮᠬᠡ᠂ ᠠᠷᠳᠤ ᠮᠦᠬᠦ ᠵᠡᠷᠭᠡ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠳᠠᠷᠢᠬᠤ ᠳᠤ ᠬᠡᠷᠡᠭᠯᠡᠵᠦ᠂ ᠵᠢᠱᠢᠯᠲᠡ ᠪᠠᠷ ᠲᠣᠰᠬᠤᠨ ᠤ ᠠᠷᠠᠳ ᠢ ᠳᠠᠶᠢᠴᠢᠯᠠᠨ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 25000 ᠲᠥᠭᠦᠷᠢᠭ ᠨᠡᠮᠡᠭᠳᠡᠭᠦᠯᠬᠦ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠲᠣᠰ ᠲᠣᠰᠬᠤᠨ ᠤ ᠵᠠᠰᠠᠮᠠᠯ ᠵᠠᠮ ᠳᠠᠭᠠᠤ ᠶᠢᠨ ᠳᠠᠪᠠᠭᠤᠯᠢᠭ ᠪᠠ ᠲᠠᠷᠢᠮᠠᠯ ᠤᠨ ᠣᠨᠴᠠᠯᠢᠭ ᠲᠠᠢ ᠤᠶᠠᠯᠳᠤᠭᠤᠯᠤᠨ ᠲᠡᠭᠦᠬᠦ ᠠᠵᠤ ᠠᠬᠤᠶ ᠶᠢ ᠤᠯᠠᠮ ᠨᠢᠭᠡ ᠠᠯᠬᠤᠮ ᠬᠥᠭᠵᠢᠭᠦᠯᠵᠦ᠂ ᠬᠦᠯᠡᠮᠵᠢ ᠶᠢᠨ ᠲᠠᠷᠢᠮᠠᠯ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃︾ ᠭᠡᠵᠦ ᠾᠧ ᠱᠧᠩ ᠲᠣᠰᠬᠤᠨ ᠤ ᠨᠠᠮ ᠤᠨ ᠡᠭᠦᠷ ᠤᠨ ᠱᠦᠵᠢ ᠸᠠᠩ ᡁᠢ ᠺᠦᠨ ᠬᠡᠯᠡᠪᠡ᠃
   ᠤᠢᠢᠷ᠎ᠠ ᠶᠢᠨ ᠵᠢᠯ ᠠᠴᠠ᠂ ᠡᡁᠧ ᠱᠧᠩ ᠲᠣᠰᠬᠤᠨ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠤᠯᠠᠨ ᠵᠢᠯ ᠤᠨ ᠤᠢ ᠵᠢᠮᠢᠰ ᠤᠨ ᠲᠠᠷᠢᠮᠠᠯ ᠤᠨ ᠲᠤᠷᠰᠢᠯᠭ᠎ᠠ ᠳᠤ ᠲᠦᠰᠢᠭᠯᠡᠨ ᠬᠦᠯᠡᠮᠵᠢ ᠶᠢᠨ ᠲᠠᠷᠢᠮᠠᠯ ᠢ ᠭᠤᠣᠯᠳᠠᠯᠭ᠎ᠠ ᠲᠠᠢ ᠠᠵᠤ ᠦᠢᠯᠡᠰ ᠪᠣᠯᠭᠠᠨ ᠠᠳᠬᠤᠪᠠ᠃ ᠲᠠᠷᠢᠮᠠᠯ ᠤᠨ ᠲᠥᠷᠥᠯ ᠵᠦᠶᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠲᠠᠷᠢᠮᠠᠯ ᠤᠨ ᠮᠡᠷᠭᠡᠵᠢᠯ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠶᠯ ᠢ ᠪᠠᠶᠠᠯᠢᠭᠵᠢᠭᠤᠯᠵᠤ᠂ ᠵᠠᠬ᠎ᠠ ᠳᠡᠯᠭᠡᠭᠦᠷ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ ᠥᠬᠡᠶ ᠪᠠᠰᠠ ᠲᠠᠷᠢᠶᠠᠴᠢᠳ ᠲᠤ ᠣᠷᠣᠯᠭ᠎ᠠ  ᠶᠢ ᠨᠡᠮᠡᠭᠳᠡᠭᠦᠯᠬᠦ ᠣᠯᠠᠨ ᠠᠷᠭ᠎ᠠ ᠵᠠᠮ ᠢ ᠨᠡᠭᠡᠭᠡᠵᠦ ᠥᠭᠭᠦᠭᠰᠡᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号