4 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠲᠦᠴᠢᠦᠸᠠᠨ | ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠵᠦ᠂ ᠡᠯᠡᠰᠦᠷᠭᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ᠂ ᠤᠢ ᠰᠢᠭᠤᠢ ᠨᠤᠳᠤᠬ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠤ ᠨᠡᠶᠢᠲᠡᠯᠢᠭ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠦ ᠬᠢᠨᠠᠨ ᠵᠢᠯᠣᠭᠤᠳᠪᠠ᠃ | ᠲᠦᠴᠢᠦᠸᠠᠨ ᠰᠢᠶᠠᠨ ᠤ ᠵᠢᠦ ᠯᠦᠩ ᠰᠢᠶᠠᠩ ᠤᠨ ᠯᠦᠩ ᠮᠧᠨ ᠲᠣᠰᠬᠤᠨ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠳᠠᠶᠢᠴᠢᠨᠲᠠᠯ᠎ᠠ ᠰᠤᠮᠤ ᠶᠢᠨ ᠮᠠᠩᠯᠠᠢ ᠭᠠᠴᠠᠭ᠎ᠠ ᠪᠣᠯᠤᠨ ᠳᠦᠷᠦᠯᠵᠢ ᠪᠠᠯᠭᠠᠰᠤᠨ ᠤ ᠰᠢᠶᠠᠨ | ᠭᠤᠸᠠᠩ ᠭᠠᠴᠠᠭ᠎ᠠ ᠳᠤ᠂ ᠰᠦᠬᠡ ᠬᠠᠰᠢᠶᠠᠯᠠᠨ ᠴᠢᠬᠢ ᠪᠤᠶᠢᠵᠢᠭᠤᠯᠬᠤ᠂ ᠴᠢᠬᠢ ᠮᠤᠳᠦ ᠨᠥᠭᠡᠴᠡᠯᠡᠬᠦ᠂ ᠨᠥᠬᠦᠵᠦ | ᠤᠷᠭᠤᠭᠤᠯᠬᠤ᠂ ᠬᠠᠮᠢᠶᠠᠷᠴᠤ ᠬᠠᠮᠠᠭᠠᠯᠠᠵᠥ ᠬᠠᠤᠯᠢ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠨᠠᠷᠢᠨ | ᠣᠶᠢᠯᠠᠭᠠᠪᠠ᠃ ᠲᠡᠷᠡ ᠬᠡᠯᠡᠭᠰᠡᠨ ᠨᠢ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠲᠠᠶᠢᠯᠠᠯᠳᠤᠭᠠᠨ ᠪᠠ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠤ | ᠢᠯᠠᠯᠲᠠ ᠶᠢ ᠣᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠪᠣᠯ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ ᠴᠢᠬᠤᠯᠠ ᠶᠡᠭᠡ | ᠤᠯᠤᠰ ᠲᠥᠷᠥ ᠶᠢᠨ ᠡᠭᠦᠷᠭᠡ ᠪᠣᠯᠬᠤᠷ ᠡᠷᠬᠡᠪᠰᠢ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ | ᠲᠠᠯ᠎ᠠ ᠠᠴᠠ ᠰᠢᠢᠳᠪᠦᠷᠢᠯᠡᠵᠦ᠂ ᠡᠷᠡᠰ ᠰᠢᠭᠤᠷᠬᠠᠶ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠶ᠃ ᠮᠣᠳᠣ | ᠲᠠᠷᠢᠵᠤ ᠣᠶᠢᠵᠢᠭᠤᠯᠬᠤ ᠡᠪᠡᠰᠦ ᠲᠠᠷᠢᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠰᠢᠵᠢᠷ | ᠠᠯᠳᠠᠨ ᠬᠤᠭᠤᠴᠠᠭ᠎ᠠ︾ ᠶᠢ ᠠᠳᠬᠤᠵᠤ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠴᠢᠨᠠᠷ ᠰᠠᠶᠢᠲᠠᠢ ᠥᠨᠳᠥᠷ | ᠪᠦᠲᠦᠮᠵᠢᠲᠡᠢ ᠠᠬᠢᠭᠤᠯᠵᠤ᠂ ᠬᠥᠮᠦᠨ ᠤ ᠬᠦᠴᠦ᠂ ᠪᠣᠳᠠᠰ ᠤᠨ ᠬᠦᠴᠦ ᠪᠣᠯᠤᠨ ᠮᠠᠰᠢᠨ ᠲᠥᠬᠦᠭᠡᠷᠦᠮᠵᠢ ᠶᠢ | ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠵᠤ᠂ ᠴᠢᠬᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠬᠦ | ᠳᠡᠭᠡᠷ᠎ᠡ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠣᠨ ᠤ ᠬᠠᠷᠠᠯᠲᠠ ᠡᠭᠦᠷᠭᠡ ᠪᠠᠨ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ ᠶᠢ ᠴᠢᠬᠤᠯᠠᠴᠢᠯᠠᠵᠤ | ᠂ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠠᠴᠠ ᠮᠠᠲ᠋ᠧᠷᠢᠶᠠᠯ | ᠠᠪᠬᠤ ᠶᠢ ᠪᠠᠷᠢᠮᠲᠠᠯᠠᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢ ᠶᠡᠬᠡᠪᠡᠷ | ᠳᠡᠯᠭᠡᠷᠡᠭᠦᠯᠵᠦ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ | ᠠᠰᠢᠭ ᠤᠨ ᠬᠠᠷᠢᠯᠴᠠᠨ ᠨᠢᠭᠡᠳᠬᠦ ᠶᠢ ᠪᠡᠶᠡᠯᠡᠭᠦᠯᠬᠦ ᠬᠡᠷᠡᠭᠲᠡᠶ᠃ ᠨᠣᠭᠤᠭᠠᠷᠠᠭᠤᠯᠤᠯᠲᠠ ᠶᠢ ᠥᠷᠭᠡᠳᠭᠡᠬᠦ᠂ | ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ | ᠬᠦᠴᠦᠨ ᠢᠶᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠢᠯᠡᠷᠡᠭᠦᠯᠬᠦ᠂ ᠬᠠᠮᠢᠶᠠᠷᠤᠨ | ᠡᠵᠡᠮᠳᠡᠬᠦ᠂ ᠵᠠᠯᠬᠠᠭᠠᠨ ᠰᠢᠳᠭᠡᠬᠦ ᠵᠡᠷᠭᠡ ᠲᠣᠭᠲᠠᠴᠠ ᠶᠢ ᠪᠦᠷᠢᠨᠰᠢᠬᠦᠯᠵᠦ᠂ ᠬᠢᠯᠪᠠᠷ ᠪᠤᠰᠤ ᠪᠠᠷ ᠣᠯᠤᠭᠰᠠᠨ ᠡᠯᠡᠰᠦ ᠶᠢ | ᠵᠠᠰᠠᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠢ᠃ ᠤᠢ ᠮᠣᠳᠣ ᠨᠤᠳᠤᠬ ᠪᠡᠯᠴᠢᠭᠡᠷ ᠢ ᠡᠪᠳᠡᠵᠦ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ | ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠵᠢᠯ ᠤᠨ ᠲᠣᠭᠲᠠᠴᠠ ᠶᠢ | ᠴᠢᠨᠠᠭᠰᠢᠳᠠ ᠪᠦᠷᠢᠨᠰᠢᠬᠦᠯᠵᠦ᠂ ᠲᠦᠷᠢᠮ ᠤᠨ ᠠᠯᠳᠠᠰᠢ ᠭᠠᠷᠬᠤ ᠶᠢ ᠰᠡᠷᠬᠡᠶᠢᠯᠡᠨ᠂ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠲᠦᠷᠭᠡᠨ ᠪᠡᠶᠡᠯᠡᠭᠦᠯᠵᠦ᠂ ᠨᠡᠩ ᠶᠡᠭᠡ ᠴᠡᠭᠴᠡᠯᠡᠨ ᠵᠠᠰᠠᠬᠤ ᠦᠷ᠎ᠡ ᠪᠦᠲᠦᠭᠡᠯ ᠢ ᠤᠯᠬᠤ ᠪᠠᠷ ᠴᠢᠷᠮᠠᠶᠢᠬᠤ | ᠬᠡᠷᠡᠭᠲᠡᠢ ᠭᠡᠪᠡ᠃ | ᠠᠶᠢᠮᠠᠭ ᠤᠨ ᠤᠳᠤᠷᠢᠳᠤᠯᠭ᠎ᠠ ᠬᠥ᠋ ᠯᠢ ᠮᠢᠨ᠂ ᠵᠠᠩ ᠱᠤᠸᠠᠩ ᠴᠧᠩ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ | ᠃ |