ᠰᠢ ᠶᠢᠨ ᠫᠢᠩ ᠤᠨ ᠰᠤᠶᠤᠯ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ | ᠤᠮᠠᠷᠠᠳᠤ ᠬᠢᠯᠢ ᠶᠢᠨ ᠰᠤᠶᠤᠯ︾ ᠤᠨ ᠨᠡᠷᠡᠳᠤ ᠲᠡᠮᠳᠡᠭᠳᠤ ᠶᠢ ᠬᠦᠴᠤᠯᠡᠨ ᠡᠬᠦᠳᠴᠤ᠂ ᠪᠤᠳᠠᠰ ᠤᠨ ᠪᠤᠰᠤ | ᠰᠤᠶᠤᠯ ᠤᠨ ᠦᠪ ᠢ ᠤᠯᠠᠮᠵᠢᠯᠠᠬᠤ ᠡᠩᠨᠡᠭᠡ ᠶᠢᠨ ᠪᠦᠳᠤᠭᠡᠨ ᠪᠠᠶᠢᠭᠤᠯᠤᠯᠳᠠ ᠪᠠᠨ ᠴᠢᠩᠭᠠᠳᠬᠠᠨ᠂ ᠲᠦᠷᠪᠡᠨ | ᠤᠳᠠᠰᠤᠳᠤ ᠬᠤᠭᠤᠷ ᠬᠦᠭᠵᠢᠮ ᠢ ᠤᠯᠠᠮᠵᠢᠯᠠᠬᠤ ᠪᠠ ᠬᠦᠭᠵᠢᠬᠦᠯᠬᠦ ᠪᠠᠷ᠂ ᠬᠢᠩᠭᠠᠨ ᠠᠶᠢᠮᠠᠭ ᠤᠨ ᠤᠳᠬ᠎ᠠ | ᠤᠷᠠᠯᠢᠭ ᠤᠨ ᠬᠢᠨ ᠤ ᠬᠤᠯᠪᠤᠭ᠎ᠠ᠂ ᠬᠢᠩᠭᠠᠨ ᠠᠶᠢᠮᠠᠭ ᠤᠨ ᠤᠯᠠᠭᠠᠨᠮᠦ᠋ᠴᠢᠷ᠂ ᠬᠢᠩᠭᠠᠨ ᠠᠶᠢᠮᠠᠭ ᠤᠨ ᠰᠤᠶᠤᠯ ᠤᠨ | ᠤᠷᠳᠤᠨ᠂ ᠬᠢᠩᠭᠠᠨ ᠠᠶᠢᠮᠠᠭ ᠤᠨ ᠬᠦᠭᠵᠢᠮᠴᠢᠨ ᠤ ᠨᠡᠶᠢᠭᠡᠮᠯᠢᠭ ᠠᠴᠠ ᠬᠠᠮᠳᠤᠷᠠᠨ ᠡᠷᠬᠢᠯᠡᠭᠰᠡᠨ ᠬᠤᠶᠠᠳᠤᠭᠠᠷ | ᠬᠤᠭᠤᠴᠠᠭᠠᠨ ᠤ ᠪᠤᠳᠠᠰ ᠤᠨ ᠪᠤᠰᠤ ᠰᠤᠶᠤᠯ ᠤᠨ ᠦᠪ ᠤᠨ ᠬᠢᠩᠭᠠᠨ ᠠᠶᠢᠮᠠᠭ ᠤᠨ ᠲᠦᠷᠪᠡᠨ ᠤᠳᠠᠰᠤᠳᠤ | ᠬᠤᠭᠤᠷ ᠤᠨ ᠨᠡᠶᠢᠭᠡᠮᠯᠢᠭ ᠤᠨ ᠭᠡᠰᠢᠬᠦᠨ ᠰᠠᠶᠢᠵᠢᠷᠠᠬᠤ᠄ ︽ᠲᠤᠰ ᠤᠳᠠᠭᠠᠨ ᠤ ᠪᠤᠯᠪᠠᠰᠤᠷᠠᠯ ᠤᠨ ᠠᠩᠬᠢ ᠳᠤ | ᠤᠷᠤᠯᠴᠠᠭᠠᠳ ᠤᠯᠤᠯᠳᠠ ᠶᠡᠭᠡ ᠪᠠᠶᠢᠨ᠎ᠠ᠃ 9 ᠡᠳᠤᠷ ᠤᠨ ᠬᠤᠭᠤᠴᠠᠭᠠᠨ ᠳᠤ ᠪᠢᠳᠠ ᠦᠯᠢᠭᠡᠷ ᠤᠨ ᠠᠶᠠᠰ | ᠵᠡᠷᠭᠡ ᠶᠢ ᠪᠠᠭᠰᠢ ᠶᠢᠨ ᠵᠢᠯᠤᠭᠤᠳᠤᠯᠭ᠎ᠠ ᠲᠤᠤᠷ᠎ᠠ ᠰᠢᠰᠲ᠋ᠧᠮ ᠲᠠᠢ ᠰᠤᠷᠤᠯᠴᠠᠨ᠂ ᠬᠤᠵᠢᠮ ᠤᠨ ᠲᠦᠷᠪᠡᠨ ᠤᠳᠠᠰᠤᠳᠤ | ᠬᠤᠭᠤᠷ ᠬᠦᠭᠵᠢᠮᠳᠡᠬᠦ ᠳᠤ ᠲᠦᠢᠯ ᠤᠨ ᠶᠡᠭᠡ ᠬᠠᠪᠰᠤᠷᠤᠮᠵᠢ ᠪᠤᠯᠪᠠ︾ ᠭᠡᠵᠤ ᠪᠤᠯᠪᠠᠰᠤᠷᠠᠯ ᠳᠤ ᠤᠷᠤᠯᠴᠠᠭᠰᠠᠨ | ᠲᠦᠷᠥᠭᠳᠡᠯ ᠢᠶᠠᠨ ᠬᠤᠪᠢᠶᠠᠯᠴᠠᠨ᠎ᠠ᠃ | ︽ᠪᠢᠳᠠ ᠬᠤᠶᠠᠳᠤᠭᠠᠷ ᠬᠤᠭᠤᠴᠠᠭᠠᠨ ᠤ ᠪᠤᠳᠠᠰ ᠤᠨ ᠪᠤᠰᠤ ᠰᠤᠶᠤᠯ ᠤᠨ ᠦᠪ ᠤᠨ ᠮᠤᠩᠭᠤᠯ | ᠦᠨᠳᠤᠰᠤᠳᠡᠨ ᠤ ᠲᠦᠷᠪᠡᠨ ᠤᠳᠠᠰᠤᠳᠤ ᠬᠤᠭᠤᠷ ᠬᠦᠭᠵᠢᠮ ᠤᠨ ᠪᠤᠯᠪᠠᠰᠤᠷᠠᠯ ᠤᠨ ᠠᠩᠬᠢ ᠶᠢ ᠡᠷᠬᠢᠯᠡᠵᠤ᠂ ᠨᠢᠭᠡ | ᠲᠠᠯ᠎ᠠ ᠪᠠᠷ ᠲᠤᠰ ᠤᠳᠠᠭᠠᠨ ᠤ ᠪᠤᠯᠪᠠᠰᠤᠷᠠᠯ ᠢᠶᠠᠷ ᠲᠡᠮᠵᠢᠨ ᠰᠤᠷᠤᠯᠴᠠᠭᠴᠢ ᠶᠢᠨ ᠬᠦᠭᠵᠢᠮᠳᠡᠬᠦ ᠤᠷ᠎ᠠ ᠮᠡᠷᠭᠡᠵᠢᠯ ᠢ | ᠲᠡᠭᠡᠭᠰᠢᠯᠡᠬᠦᠯᠤᠨ᠂ ᠨᠦᠬᠦᠭᠡ ᠲᠠᠯ᠎ᠠ ᠪᠠᠷ ᠨᠡᠩ ᠤᠯᠠᠨ ᠬᠦᠮᠤᠨ ᠤ ᠲᠦᠷᠪᠡᠨ ᠤᠳᠠᠰᠤᠳᠤ ᠬᠤᠭᠤᠷ ᠤᠨ ᠤᠷᠮ᠎ᠠ | ᠪᠠᠬ᠎ᠠ ᠶᠢ ᠬᠦᠭᠵᠢᠭᠡᠬᠦ ᠪᠠᠷ ᠵᠤᠷᠢᠯᠭ᠎ᠠ ᠪᠠᠨ ᠪᠤᠯᠭᠠᠵᠠᠢ︾ ᠭᠡᠵᠤ ᠠᠶᠢᠮᠠᠭ ᠤᠨ ᠰᠤᠶᠤᠯ ᠤᠨ ᠤᠷᠳᠤᠨ ᠤ ᠲᠡᠳ᠋ | ᠲᠠᠷᠤᠭ᠎ᠠ ᠪᠠᠢ ᠹᠧᠩ ᠲᠠᠨᠢᠯᠴᠠᠭᠤᠯᠤᠨ᠎ᠠ᠃ | ᠲᠤᠰ ᠤᠳᠠᠭᠠᠨ ᠤ ᠪᠤᠯᠪᠠᠰᠤᠷᠠᠯ ᠤᠨ ᠠᠩᠬᠢ ᠨᠢ 4 ᠰᠠᠷ᠎ᠠ ᠶᠢᠨ 7 — 15 ᠤ ᠡᠳᠤᠷ ᠪᠤᠯᠳᠠᠯ᠎ᠠ 9 | ᠡᠳᠤᠷ ᠤᠨ ᠬᠤᠭᠤᠴᠠᠭ᠎ᠠ ᠲᠠᠢ ᠶᠠᠪᠤᠭᠳᠠᠵᠤ᠂ ᠪᠦᠬᠦ ᠠᠶᠢᠮᠠᠭ ᠤᠨ ᠲᠦᠷᠪᠡᠨ ᠤᠳᠠᠰᠤᠳᠤ ᠬᠤᠭᠤᠷ ᠲᠤ ᠲᠤᠷ᠎ᠠ | ᠪᠠᠬ᠎ᠠ ᠲᠠᠢ ᠬᠦᠮᠤᠰ ᠢᠳᠡᠪᠬᠢᠯᠡᠨ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ | ᠤᠯᠠᠭᠠᠨᠮᠦ᠋ᠴᠢᠷ ᠤᠨ ᠨᠢᠭᠡᠳᠤᠭᠡᠷ ᠲᠡᠰ ᠤᠨ ᠬᠦᠭᠵᠢᠮᠴᠢᠨ ᠵᠤᠤ ᠴᠠᠩ ᠹᠦ᠋ ᠶᠢ ᠤᠷᠢᠵᠤ ᠬᠢᠴᠢᠶᠡᠯ ᠤᠷᠤᠭᠤᠯᠤᠭᠰᠠᠨ | ᠪᠠᠶᠢᠨ᠎ᠠ᠃ |