ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠬᠤ᠂ | ᠰᠢᠯᠢᠳᠡᠭ ᠭᠡᠷ ᠤᠨ ᠰᠤᠷᠲᠠᠯ ᠢ ᠪᠠᠳᠠᠷᠠᠭᠤᠯᠬᠤ ᠶᠢ ᠤᠷᠢᠶᠠᠯᠠᠨ ᠴᠤᠤᠷᠢᠶᠠᠳᠤᠵᠦ᠂ ︽ᠬᠠᠶᠢᠷ᠎ᠠ ᠰᠡᠳᠬᠢᠯᠳᠦ ᠡᠵᠢ︾ | ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠪᠠᠶᠢᠭᠤᠯᠤᠨ᠂ ᠨᠡᠶᠢᠭᠡᠮ ᠨᠡᠶᠢᠳᠡ ᠳᠤ ᠬᠠᠶᠢᠷ᠎ᠠ ᠬᠠᠯᠠᠮᠵᠢ | ᠳᠠᠮᠵᠢᠭᠤᠯᠵᠦ ᠪᠠᠶᠢᠭ᠎ᠠ ᠶᠤᠮ᠃ ᠤᠶᠢᠷ᠎ᠠ ᠶᠢᠨ ᠡᠳᠦᠷ᠂ ᠬᠢᠩᠭᠠᠨ ᠠᠶᠢᠮᠠᠭ ᠤᠨ ᠡᠮᠡᠭᠳᠠᠶᠢᠴᠤᠳ ᠤᠨ | ᠬᠤᠯᠪᠤᠭ᠎ᠠ ᠶᠢᠨ ᠬᠢᠨ ᠤᠯᠠᠭᠠᠨᠬᠤᠲᠠ ᠶᠢᠨ ᠳᠡᠭᠦᠯᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠲᠤ᠂ ᠰᠠᠶᠢᠨ | ᠳᠤᠷᠠᠴᠤᠤᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ | ᠦᠰᠦᠨ ᠪᠤᠶᠢᠵᠢᠯᠲᠠ ᠳᠤ ᠬᠦᠴᠦᠨ ᠨᠡᠮᠡᠷᠢᠯᠡᠬᠦ ᠪᠤᠯᠪᠠᠰᠤᠷᠠᠯ ᠤᠨ ᠠᠩᠬᠢ ᠡᠷᠬᠢᠯᠡᠵᠦ᠂ ︽ᠬᠠᠶᠢᠷ᠎ᠠ ᠰᠡᠳᠬᠢᠯᠳᠦ ᠡᠵᠢ | ︾ ᠶᠢᠨ ᠦᠢᠯᠡᠴᠢᠯᠡᠭᠡᠨ ᠤ ᠠᠩᠬᠢ ᠶᠢᠨ 70 ᠭᠠᠷᠤᠢ ᠭᠡᠰᠢᠬᠦᠨ ᠳᠤ ᠪᠤᠯᠪᠠᠰᠤᠷᠠᠯ ᠬᠦᠷᠳᠡᠭᠡᠪᠡ᠃ | ︽ᠬᠠᠪᠰᠤᠷᠤᠨ ᠲᠡᠳᠬᠦᠬᠦ ᠡᠲᠡᠭᠡᠳ ᠨᠢᠭᠡᠪᠦᠷᠢ ᠪᠣᠯ ᠴᠥᠮ ᠥᠪᠡᠷᠮᠢᠴᠡ ᠪᠣᠳᠠᠭᠠᠯᠢ ᠪᠡᠶ᠎ᠡ ᠮᠥᠨ᠂ ᠳᠡᠳᠡᠨᠡᠷ ᠲᠤ | ᠬᠠᠶᠢᠷ᠎ᠠ ᠬᠠᠯᠠᠮᠵᠢ ᠬᠦᠷᠲᠡᠭᠡᠬᠦ ᠮᠥᠷᠲᠡᠭᠡᠨ ᠰᠡᠳᠭᠢᠯ ᠢ ᠨᠢ ᠳᠤᠯᠠᠭᠠᠴᠠᠭᠤᠯᠬᠤ ᠬᠡᠷᠡᠭᠲᠡᠢ︾ ᠭᠡᠵᠦ ᠲᠦᠴᠢᠦᠸᠠᠨ | ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠯᠢ ᠵᠢᠶᠦ᠋ᠨ ᠰᠠᠶᠢᠨ ᠳᠤᠷᠠᠴᠤᠤᠯ ᠳᠤ ᠪᠤᠯᠪᠠᠰᠤᠷᠠᠯ | ᠬᠦᠷᠳᠡᠭᠡᠵᠦ ᠪᠠᠶᠢᠯ᠎ᠠ᠃ ᠳᠡᠷᠡ ᠣᠯᠠᠨ ᠵᠢᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠤᠷᠰᠢᠯᠭ᠎ᠠ ᠪᠠᠨ | ᠠᠰᠢᠬᠯᠠᠨ᠂ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠰᠠᠶᠢᠨ ᠳᠤᠷᠠᠴᠤᠤᠯ ᠢ ᠵᠢᠯᠣᠭᠤᠳᠤᠨ | ᠬᠡᠷ ᠲᠡᠭᠡᠨ ᠦᠯᠡᠳᠡᠵᠦ ᠬᠤᠴᠣᠷᠤᠭᠰᠠᠨ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠭᠡᠷᠬᠢᠨ ᠬᠠᠪᠰᠤᠷᠤᠨ | ᠳᠡᠳᠬᠦᠬᠦ᠂ ᠪᠡᠶ᠎ᠠ ᠰᠡᠳᠬᠢᠴᠡ ᠶᠢᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠳᠤᠬᠠᠢ ᠶᠠᠷᠢᠵᠦ ᠳᠠᠶᠢᠯᠪᠤᠷᠢᠯᠠᠬᠰᠠᠨ | ᠪᠠᠶᠢᠨ᠎ᠠ᠃ ᠬᠢᠩᠭᠠᠨ ᠠᠶᠢᠮᠠᠭ ᠤᠨ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠬᠤ ᠲᠥᠪ ᠤᠨ ᠪᠠᠭᠰᠢ ᠠᠴᠠ | ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠰᠤᠷᠭᠠᠨ ᠬᠥᠮᠦᠵᠢᠯ ᠢ | ᠠᠬᠢᠭᠤᠯᠬᠤ ᠬᠠᠤᠯᠢ︾ ᠪᠠ ᠣᠲᠣ ᠦᠶ᠎ᠡ ᠶᠢᠨ ᠬᠡᠷ ᠪᠦᠯᠢ ᠶᠢᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ | ᠰᠢᠰᠲ᠋ᠧᠮ ᠲᠠᠢ ᠲᠠᠶᠢᠯᠪᠤᠷᠢᠯᠠᠪᠠ᠃ | ᠮᠠᠨ ᠤ ᠠᠶᠢᠮᠠᠭ ᠨᠢᠭᠡᠨᠲᠡ 1217 ᠬᠥᠮᠦᠨ ᠤ ︽ᠬᠠᠶᠢᠷ᠎ᠠ ᠰᠡᠳᠬᠢᠯᠳᠦ ᠡᠵᠢ︾ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠲᠣᠤᠷ ᠢ ᠪᠠᠶᠢᠭᠤᠯᠵᠤ᠂ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠨᠡᠶᠢᠲᠡ 50 ᠲᠠᠯᠠᠪᠤᠷ ᠤᠳᠠᠭ᠎ᠠ | ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ 997 ᠬᠡᠤᠬᠡᠳ ᠲᠤ ᠠᠰᠢᠭ ᠬᠦᠷᠲᠡᠭᠡᠵᠦ᠂ ︽ᠪᠣᠯᠪᠠᠰᠤᠷᠠᠯ + | ᠦᠢᠯᠡᠳᠦᠯᠭᠡ︾ ᠶᠢᠨ ᠲᠣᠭᠲᠠᠴᠠ ᠶᠢ ᠪᠣᠶ ᠪᠣᠯᠭᠠᠪᠠ᠃ 2025 ᠣᠨ ᠳᠤ᠂ ᠬᠢᠩᠭᠠᠨ ᠠᠶᠢᠮᠠᠭ ᠤᠨ | ᠡᠮᠡᠭᠲᠡᠶᠢᠴᠦᠳ ᠤᠨ ᠬᠤᠯᠪᠣᠭ᠎ᠠ ᠨᠢᠭᠡᠨᠲᠡ ᠭᠤᠷᠪᠠᠨ ᠬᠤᠭᠤᠴᠠᠭᠠᠨ ᠤ ︽ᠬᠠᠶᠢᠷ᠎ᠠ ᠰᠡᠳᠬᠢᠯᠳᠦ ᠡᠵᠢ︾ ᠶᠢᠨ | ᠲᠤᠰᠬᠠᠶ ᠰᠡᠳᠦᠪᠲᠦ ᠪᠣᠯᠪᠠᠰᠤᠷᠠᠯ ᠢ ᠡᠷᠭᠢᠯᠡᠵᠦ᠂ 200 ᠭᠠᠷᠤᠢ ᠰᠠᠶᠢᠨ ᠳᠤᠷᠠᠴᠤᠤᠯ ᠢ ᠬᠥᠮᠦᠵᠢᠭᠦᠯᠵᠡᠶ᠃ |