ᠠᠷᠪᠠᠳᠡᠬᠢ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠲᠤ᠂ ᠬᠢᠨᠭ᠍ᠭᠠᠨ ᠠᠶᠢᠮᠠᠬ ᠤᠨ | ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠬᠢᠨ ᠤᠯᠠᠭᠠᠨᠬᠤᠳᠠ ᠶᠢᠨ ᠲᠦᠷᠪᠡᠳᠦᠭᠡᠷ ᠳᠤᠮᠳᠠᠳᠤ ᠰᠤᠷᠭᠠᠭᠤᠯᠢ ᠳᠤ | ᠲᠦᠷᠪᠡᠳᠦᠭᠡᠷ ᠬᠤᠭᠤᠴᠠᠭᠠᠨ ᠤ ︽ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠪᠤᠯᠤᠨ ᠰᠤᠷᠭᠠᠭᠤᠯᠢ ᠬᠠᠮᠳᠤᠷᠠᠯᠴᠠᠨ | ᠠᠮᠤᠷ ᠲᠦᠪᠰᠢᠨ ᠢᠶᠠᠷ ᠤᠷᠤᠬᠰᠢᠯᠠᠬᠤ︾ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠠᠵᠢᠯᠯᠠᠭ᠎ᠠ | ᠦᠷᠨᠢᠬᠦᠯᠦᠭᠰᠡᠨ ᠪᠠᠶᠢᠨ᠎ᠠ᠃ | ᠠᠵᠢᠯᠯᠠᠭ᠎ᠠ ᠳᠤ᠂ ᠤᠨᠴᠠ ᠴᠠᠬᠳᠠᠭ᠎ᠠ ᠨᠠᠷ ᠵᠡᠪᠰᠡᠭ ᠳᠤᠨᠤᠬᠯᠠᠯ ᠢᠶᠠᠨ ᠳᠡᠯᠭᠡᠨ ᠦᠵᠡᠬᠦᠯᠬᠦ᠂ ᠰᠦᠷᠳᠡᠬᠦᠯᠤᠯ ᠢ | ᠡᠰᠡᠷᠬᠦᠴᠡᠬᠦ ᠰᠤᠷᠢᠯᠳᠠ ᠪᠤᠯᠪᠠᠰᠤᠷᠠᠯ ᠶᠠᠪᠤᠭᠤᠯᠬᠤ ᠪᠠᠷ ᠳᠠᠮᠵᠢᠭᠤᠯᠤᠨ᠂ ᠪᠠᠭᠰᠢ ᠰᠤᠷᠤᠬᠴᠢᠳ ᠤᠨ ᠪᠠᠴᠢᠮ | ᠪᠠᠶᠢᠳᠡᠯ ᠢ ᠠᠷᠭᠠᠴᠠᠨ ᠦᠪᠡᠷ ᠪᠤᠰᠤᠳ ᠢ ᠠᠪᠤᠷᠠᠨ ᠳᠤᠰᠠᠯᠠᠬᠤ ᠮᠡᠳᠡᠯᠭᠡ ᠴᠢᠳᠠᠪᠤᠷᠢ ᠶᠢ ᠨᠡᠮᠡᠭᠳᠡᠬᠦᠯᠦᠭᠰᠡᠨ ᠪᠠᠶᠢᠨ᠎ᠠ᠃ | ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠤᠯᠠᠭᠠᠨᠮᠦ᠋ᠴᠢᠷ ᠤᠨ ᠭᠡᠰᠢᠬᠦᠳ ᠳᠠᠭᠤᠤ ᠪᠦᠵᠢᠭ ᠤᠨ ᠳᠤᠬᠯᠠᠯᠳᠠ | ᠭᠠᠷᠭᠠᠵᠦ᠂ ᠪᠠᠭᠰᠢ ᠰᠤᠷᠤᠬᠴᠢᠳ ᠲᠠᠢ ᠬᠠᠮᠳᠦ ᠡᠭᠡ ᠤᠷᠤᠨ ᠢᠶᠠᠨ ᠮᠠᠬᠳᠠᠨ ᠳᠠᠭᠤᠯᠠᠬᠰᠠᠨ ᠪᠠᠶᠢᠨ᠎ᠠ᠃ | ᠡᠬᠦᠨ ᠠᠴᠠ ᠭᠠᠳᠠᠨ᠎ᠠ᠂ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ᠂ ᠯᠢᠩ ᠨᠠᠨ | ᠠᠳᠠᠷ ᠬᠠᠭᠠᠯᠪᠤᠷᠢᠯᠠᠯᠳᠠ ᠶᠢᠨ ᠬᠤᠪᠢᠶᠠᠷᠢ ᠳᠤᠪᠴᠢᠶ᠎ᠠ ᠶᠢᠨ ᠬᠢᠨ ᠴᠠᠬᠳᠠᠭ᠎ᠠ ᠨᠠᠷ ᠢᠶᠠᠨ ᠵᠤᠬᠢᠶᠠᠨ ᠪᠠᠶᠢᠭᠤᠯᠤᠨ᠂ | ᠰᠤᠷᠭᠠᠭᠤᠯᠢ ᠶᠢᠨ ᠬᠦᠷᠢᠶ᠎ᠠ᠂ ᠨᠡᠶᠢᠭᠡᠮ ᠳᠤᠭᠤᠷᠢᠬ᠂ ᠬᠤᠳᠠᠯᠳᠤᠭ᠎ᠠ ᠮᠠᠶᠢᠮᠠᠢ ᠶᠢᠨ ᠭᠠᠵᠠᠷ ᠵᠢᠴᠢ ᠠᠵᠦ | ᠠᠬᠤᠶᠢᠯᠠᠯ ᠢᠶᠠᠷ ᠬᠦᠨᠵᠡᠭᠡᠶᠢᠷᠡᠨ᠂ ᠰᠦᠯᠵᠢᠶᠡᠨ ᠤ ᠠᠮᠤᠷ ᠲᠦᠪᠰᠢᠨ᠂ ︽ᠤᠯᠤᠰ ᠤᠨ ᠠᠮᠤᠷ ᠲᠦᠪᠰᠢᠨ ᠤ ᠬᠠᠤᠯᠢ︾ | ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠬᠦᠯᠤᠯ ᠢ ᠡᠰᠡᠷᠬᠦᠴᠡᠬᠦ ᠬᠠᠤᠯᠢ︾ ᠵᠢᠴᠢ | ᠮᠡᠭᠡᠯᠡᠯ ᠢ ᠰᠡᠷᠭᠡᠶᠢᠯᠡᠬᠦ᠂ ᠬᠤᠤᠷᠠᠳᠦ ᠡᠳ᠋ ᠠᠴᠠ ᠵᠠᠶᠢᠯᠠᠬᠤ ᠵᠡᠷᠭᠡ ᠬᠠᠮᠢᠶ᠎ᠠ ᠪᠦᠬᠦᠢ ᠠᠮᠤᠷ ᠲᠦᠪᠰᠢᠨ ᠤ ᠮᠡᠳᠡᠯᠭᠡ ᠶᠢ | ᠤᠯᠠᠮᠵᠢᠯᠠᠪᠠ᠃ | ᠳᠤᠬᠠᠢ ᠶᠢᠨ ᠡᠳᠦᠷ᠂ ᠬᠢᠨᠭ᠍ᠭᠠᠨ ᠠᠶᠢᠮᠠᠬ ᠤᠨ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠡᠯᠪᠡᠭ | ᠠᠭᠤᠯᠭ᠎ᠠ ᠪᠦᠬᠦᠢ ᠠᠵᠢᠯᠯᠠᠭ᠎ᠠ ᠪᠠᠷ ᠤᠯᠠᠨ ᠲᠦᠮᠡᠨ ᠤ ᠠᠮᠤᠷ ᠲᠦᠪᠰᠢᠨ ᠤ ᠳᠤᠬᠠᠢ ᠦᠵᠡᠯᠳᠠ ᠶᠢ ᠨᠡᠮᠡᠭᠳᠡᠬᠦᠯᠵᠦ᠂ | ᠤᠯᠤᠰ ᠤᠨ ᠠᠮᠤᠷ ᠳᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ | ᠦᠨᠳᠦᠰᠦᠨ ᠡᠭᠦᠷᠭᠡ ᠮᠥᠨ ᠭᠡᠰᠡᠨ ᠢ ᠮᠡᠳᠡᠬᠦᠯᠵᠠᠢ᠃ |