ᠣᠶᠢᠷ᠎ᠠ ᠳᠤ᠂ ᠰᠤᠷᠪᠤᠯᠵᠢᠯᠠᠭᠴᠢ ᠬᠢᠩᠭᠠᠨ ᠠᠶᠢᠮᠠᠭ ᠤᠨ ᠤᠳᠭ᠎ᠠ ᠤᠷᠠᠯᠢᠭ ᠤᠨ ᠬᠢᠨ ᠤ ᠬᠤᠯᠪᠤᠭ᠎ᠠ ᠠᠴᠠ | ᠣᠶᠢᠯᠠᠭᠠᠭᠰᠠᠨ ᠢᠶᠠᠷ ᠬᠢᠩᠭᠠᠨ ᠠᠶᠢᠮᠠᠭ ᠤᠨ ᠤᠷᠠᠨ ᠵᠢᠷᠤᠭ ᠤᠨ ᠣᠷᠳᠣᠨ ᠢ ᠥᠭᠡᠷᠡᠴᠢᠯᠡᠨ ᠪᠠᠶᠢᠭᠤᠯᠬᠤ ᠲᠥᠷᠥᠯ | ᠵᠦᠢᠯ ᠨᠢᠭᠡᠨᠲᠡ ᠡᠬᠢᠯᠡᠵᠤ᠂ ᠵᠢᠱᠢᠯᠲᠡ ᠪᠠᠷ ᠡᠨᠡ ᠵᠢᠯ ᠤᠨ 6 ᠰᠠᠷ᠎ᠠ ᠶᠢᠨ ᠳᠤᠮᠳᠠᠴᠢ ᠪᠠᠷ ᠠᠰᠢᠭᠯᠠᠯᠲᠠ ᠳᠤ | ᠣᠷᠣᠭᠤᠯᠬᠤ ᠪᠠᠷ ᠪᠤᠢ᠃ ᠬᠢᠩᠭᠠᠨ ᠠᠶᠢᠮᠠᠭ ᠤᠨ ᠤᠷᠠᠨ ᠵᠢᠷᠤᠭ ᠤᠨ ᠣᠷᠳᠣᠨ ᠢ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠬᠢᠩᠭᠠᠨ ᠠᠶᠢᠮᠠᠭ ᠲᠤ ᠶᠡᠷᠦᠩᠬᠡᠶᠢᠯᠡᠭᠰᠡᠨ ᠴᠢᠨᠠᠷᠲᠠᠶ ᠤᠷᠠᠨ ᠵᠢᠷᠤᠭ ᠤᠨ | ᠦᠵᠡᠰᠭᠦᠯᠡᠩ ᠤᠨ ᠣᠷᠳᠣᠨ ᠪᠠᠶᠢᠬᠤ ᠥᠬᠡᠶ ᠬᠤᠭᠤᠰᠣᠨ ᠪᠠᠶᠢᠳᠠᠯ ᠢ ᠨᠥᠬᠦᠪᠥᠷᠢᠯᠡᠬᠦ ᠪᠣᠯᠤᠨ᠎ᠠ᠃ | ᠬᠢᠩᠭᠠᠨ ᠠᠶᠢᠮᠠᠭ ᠤᠨ ᠤᠷᠠᠨ ᠵᠢᠷᠤᠭ ᠤᠨ ᠣᠷᠳᠣᠨ ᠪᠣᠯ ᠬᠢᠩᠭᠠᠨ ᠠᠶᠢᠮᠠᠭ ᠤᠨ ᠮᠦᠽᠧᠢ᠂ ᠨᠣᠮ ᠤᠨ ᠰᠠᠩ᠂ | ᠤᠯᠠᠨ ᠲᠦᠮᠡᠨ ᠤ ᠰᠣᠶᠣᠯ ᠤᠨ ᠲᠥᠪ ᠤᠨ ᠳᠠᠷᠠᠭᠠᠬᠢ ᠪᠦᠬᠦ ᠠᠶᠢᠮᠠᠭ ᠤᠨ ᠰᠣᠶᠣᠯ ᠤᠷᠠᠯᠢᠭ ᠤᠨ ᠵᠢᠭᠰᠠᠭᠠᠯ ᠤᠨ | ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠰᠠ ᠨᠢᠭᠡᠨ ᠴᠢᠬᠤᠯᠠ ᠬᠥᠰᠢᠶ᠎ᠡ ᠲᠡᠮᠳᠡᠭ ᠪᠣᠯᠤᠨ᠎ᠠ᠃ | ᠬᠢᠩᠭᠠᠨ ᠠᠶᠢᠮᠠᠭ ᠲᠤ ᠭᠠᠵᠠᠷ ᠣᠷᠣᠨ ᠤ ᠣᠨᠴᠠᠯᠢᠭ ᠲᠠᠢ ᠤᠳᠭ᠎ᠠ ᠤᠷᠠᠯᠢᠭ ᠤᠨ ᠰᠢᠨᠵᠢ ᠲᠡᠮᠳᠡᠭ ᠪᠦᠬᠦᠢ ᠤᠷᠠᠨ | ᠵᠢᠷᠤᠬ ᠤᠨ ᠤᠷᠳᠤᠨ ᠢ ᠪᠠᠶᠢᠭᠤᠯᠬᠤ ᠨᠢ ᠬᠢᠩᠭᠠᠨ ᠠᠶᠢᠮᠠᠭ ᠤᠨ ᠤᠳᠭ᠎ᠠ ᠤᠷᠠᠯᠢᠭ ᠤᠨ ᠦᠢᠯᠡᠰ ᠤᠨ ᠬᠤᠭᠤᠰᠣᠨ ᠢ | ᠨᠥᠬᠦᠪᠥᠷᠢᠯᠡᠭᠰᠡᠨ ᠶᠠᠪᠤᠳᠠᠯ ᠪᠤᠯᠬᠤ ᠶᠤᠮ᠃ ᠡᠨᠡ ᠪᠣᠯ ᠬᠢᠩᠭᠠᠨ ᠠᠶᠢᠮᠠᠭ ᠤᠨ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠵᠠᠮ | ᠮᠥᠨ᠃ ᠮᠦᠨ ᠴᠤ ᠬᠢᠩᠭᠠᠨ ᠠᠶᠢᠮᠠᠭ ᠤᠨ ᠠᠷᠠᠳ ᠣᠯᠠᠨ ᠤ ᠤᠷᠠᠯᠢᠭ ᠤᠨ ᠰᠢᠯᠢᠳᠡᠭ ᠪᠦᠲᠦᠭᠡᠯ ᠢ ᠰᠣᠨᠢᠷᠬᠠᠬᠤ᠂ | ᠤᠳᠭ᠎ᠠ ᠤᠷᠠᠯᠢᠭ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠴᠢᠬᠤᠯᠠ ᠲᠠᠪᠴᠠᠩ ᠬᠠᠩᠭᠠᠭᠰᠠᠨ ᠢᠶᠠᠷ ᠪᠠᠷᠠᠬᠤ | ᠥᠬᠡᠶ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠ ᠨᠡᠶᠢᠭᠡᠮ ᠤᠨ ᠭᠤᠸ᠎ᠠ ᠰᠠᠶᠢᠬᠠᠨ ᠤ ᠬᠥᠮᠦᠵᠢᠯ ᠢ | ᠠᠬᠢᠭᠤᠯᠬᠤ ᠳᠤ ᠴᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠲᠣᠰ ᠲᠥᠷᠥᠯ ᠵᠦᠢᠯ ᠳᠤ ᠪᠠᠷᠤᠭ 50 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠢᠩᠭᠠᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠤᠷᠪᠠᠳᠤᠭᠠᠷ ᠠᠰᠠᠷ ᠢ ᠬᠢᠩᠭᠠᠨ ᠠᠶᠢᠮᠠᠭ ᠤᠨ ᠤᠷᠠᠨ ᠵᠢᠷᠤᠭ ᠤᠨ | ᠣᠷᠳᠣᠨ ᠪᠣᠯᠭᠠᠨ ᠥᠭᠡᠷᠡᠴᠢᠯᠡᠨ ᠪᠠᠶᠢᠭᠤᠯᠵᠤ᠂ ᠲᠤᠰᠬᠠᠶ ᠰᠡᠳᠦᠪᠲᠦ ᠦᠵᠡᠭᠦᠯᠭᠡ᠂ ᠤᠷᠠᠯᠢᠭ ᠤᠨ ᠬᠠᠳᠠᠭᠠᠯᠠᠮᠵᠢ᠂ | ᠤᠷᠠᠯᠢᠭ ᠤᠨ ᠪᠣᠯᠪᠠᠰᠤᠷᠠᠯ ᠵᠡᠷᠭᠡ ᠳᠤ ᠬᠡᠷᠡᠭᠯᠡᠬᠦ ᠪᠠᠷ ᠲᠥᠯᠥᠪᠯᠡᠵᠦ ᠪᠣᠶ᠃ ᠤᠷᠠᠨ ᠪᠢᠴᠢᠯᠭᠡ ᠤᠷᠠᠨ ᠵᠢᠷᠤᠭ ᠪᠠ | ᠰᠣᠶᠣᠯ ᠤᠨ ᠪᠦᠲᠦᠭᠡᠯᠴᠢ ᠪᠦᠳᠦᠭᠡᠭᠳᠡᠭᠦᠨ ᠤ ᠠᠵᠤ ᠦᠢᠯᠡᠰ ᠢ ᠬᠠᠷᠢᠯᠴᠠᠨ ᠵᠣᠯᠭᠠᠭᠤᠯᠵᠤ᠂ ᠰᠢᠨ᠎ᠡ ᠴᠠᠭ | ᠦᠶ᠎ᠡ ᠶᠢᠨ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ | ᠪᠠᠶᠢᠭᠤᠯᠵᠤ᠂ ᠲᠡᠭᠦᠨ ᠢ ᠬᠢᠩᠭᠠᠨᠴᠤᠳ ᠤᠨ ᠰᠣᠶᠣᠯ ᠤᠨ ᠦᠨᠦᠷ ᠠᠮᠲᠠ ᠶᠢ ᠳᠡᠭᠡᠭᠰᠢᠯᠡᠭᠦᠯᠬᠦ᠂ ᠣᠶᠤᠨ ᠤ | ᠠᠮᠢᠳᠤᠷᠠᠯ ᠢ ᠪᠠᠶᠠᠯᠢᠭᠵᠢᠭᠤᠯᠬᠤ ᠲᠤᠰᠬᠠᠶ ᠲᠠᠪᠴᠠᠩ ᠪᠣᠯᠭᠠᠬᠤ ᠪᠠᠷ ᠪᠤᠢ᠃ | ᠬᠢᠩᠭᠠᠨ ᠠᠶᠢᠮᠠᠭ ᠤᠨ ᠤᠳᠭ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠯᠡᠭᠴᠢ ᠸᠠᠩ ᠹᠤᠩ ᠬᠤᠸᠠ | ᠬᠡᠯᠡᠬᠦ ᠳᠡᠭᠡᠨ᠂ ᠬᠢᠩᠭᠠᠨ ᠠᠶᠢᠮᠠᠭ ᠤᠨ ᠤᠷᠠᠨ ᠵᠢᠷᠤᠭ ᠤᠨ ᠣᠷᠳᠣᠨ ᠪᠠᠶᠢᠭᠤᠯᠤᠭᠳᠠᠭᠰᠠᠨ ᠤ ᠳᠠᠷᠠᠭ᠎ᠠ᠂ ᠬᠤᠷᠢᠶᠠᠨ | ᠬᠠᠳᠠᠭᠠᠯᠠᠬᠤ᠂ ᠰᠤᠳᠤᠯᠬᠤ᠂ ᠰᠣᠯᠢᠯᠴᠠᠬᠤ᠂ ᠳᠡᠯᠭᠡᠨ ᠦᠵᠡᠭᠦᠯᠬᠦ ᠵᠡᠷᠭᠡ ᠶᠡᠷᠦᠩᠬᠡᠶᠢᠯᠡᠭᠰᠡᠨ ᠴᠢᠳᠠᠮᠵᠢ ᠶᠢ | ᠪᠦᠷᠢᠯᠳᠦᠭᠦᠯᠬᠦ ᠪᠣᠯᠤᠨ᠎ᠠ᠃ ᠠᠶᠢᠮᠠᠭ ᠤᠨ ᠤᠳᠭ᠎ᠠ ᠤᠷᠠᠯᠢᠭ ᠤᠨ ᠬᠢᠨ ᠤ ᠬᠤᠯᠪᠣᠭ᠎ᠠ ᠨᠢ ᠤᠷᠠᠨ ᠵᠢᠷᠤᠭ ᠤᠨ | ᠣᠷᠳᠣᠨ ᠭᠡᠬᠦ ᠡᠨᠡ ᠬᠦ ᠤᠷᠠᠯᠢᠭ ᠤᠨ ᠵᠢᠭᠰᠠᠭᠠᠯ ᠤᠨ ᠭᠠᠵᠠᠷ ᠲᠤ ᠲᠦᠰᠢᠭᠯᠡᠨ᠂ ᠬᠢᠩᠭᠠᠨ ᠠᠶᠢᠮᠠᠭ ᠤᠨ ᠣᠯᠠᠨ | ᠲᠦᠮᠡᠨ ᠳᠤ ᠬᠠᠨᠳᠤᠭᠤᠯᠤᠨ ᠰᠢᠷᠢᠰ ᠦᠵᠡᠭᠦᠯᠭᠡ ᠵᠢᠴᠢ ᠡᠯ᠎ᠡ ᠲᠥᠷᠥᠯ ᠤᠨ ᠤᠷᠠᠯᠢᠭ ᠤᠨ ᠰᠣᠯᠢᠯᠴᠠᠭᠠᠨ ᠤ | ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ᠂ ᠴᠠᠭ ᠦᠶ᠎ᠡ ᠶᠢᠨ | ᠳᠦᠷᠰᠦ ᠪᠠᠶᠢᠳᠠᠯ ᠢ ᠲᠤᠰᠬᠠᠬᠤ᠂ ᠭᠤᠸ᠎ᠠ ᠰᠠᠶᠢᠬᠠᠨ ᠤ ᠮᠡᠳᠡᠯᠭᠡ ᠶᠢ ᠲᠦᠭᠡᠮᠡᠯᠵᠢᠭᠦᠯᠬᠦ᠂ ᠤᠷᠠᠯᠢᠭ ᠤᠨ | ᠬᠥᠭᠵᠢᠯᠲᠡ ᠶᠢ ᠬᠥᠲᠥᠯᠦᠨ ᠳᠠᠭᠠᠭᠤᠯᠬᠤ ᠬᠦᠨᠳᠦ ᠡᠭᠦᠷᠭᠡ ᠶᠢ ᠦᠨᠡᠨᠬᠦ ᠡᠭᠦᠷᠭᠡᠯᠡᠵᠦ᠂ ᠳᠡᠯᠭᠡᠨ ᠦᠵᠡᠭᠦᠯᠬᠦ᠂ | ᠬᠤᠷᠢᠶᠠᠨ ᠬᠠᠳᠠᠭᠠᠯᠠᠬᠤ᠂ ᠰᠤᠳᠤᠯᠭᠠᠨ ᠬᠢᠬᠦ᠂ ᠭᠠᠳᠠᠭᠠᠳᠤ ᠲᠠᠢ ᠤᠷᠠᠯᠢᠭ ᠤᠨ ᠰᠣᠯᠢᠯᠴᠠᠭ᠎ᠠ ᠬᠢᠬᠦ ᠵᠡᠷᠭᠡ ᠴᠢᠬᠤᠯᠠ | ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠠᠶᠢᠨ ᠰᠠᠶᠢᠬᠠᠨ ᠣᠶᠤᠨ ᠤ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠪᠡᠶᠡᠯᠡᠬᠦᠯᠵᠤ᠂ ᠤᠳᠭ᠎ᠠ ᠤᠷᠠᠯᠢᠭ ᠢᠶᠠᠷ | ᠬᠢᠩᠭᠠᠨ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃ |