ᠠᠳᠡ ︽ᠲᠩᠷᠢ ᠨᠢ ᠴᠡᠯᠮᠡᠭ᠂ ᠤᠰᠤ ᠨᠢ ᠲᠤᠩᠭᠠᠯᠠᠭ᠂ ᠭᠠᠵᠠᠷ ᠨᠢ ᠨᠣᠭᠤᠭᠠᠨ︾ ᠪᠠᠶᠢᠵᠤ᠂ ᠠᠳᠡ ᠡᠪᠦᠭᠡᠨ | ᠠᠭᠤᠯᠠᠨ ᠤ ᠥᠨᠳᠥᠷ ᠰᠦᠷᠯᠢᠭ ᠢ ᠮᠡᠳᠡᠷᠡᠵᠦ᠂ ᠮᠢᠩ ᠰᠢᠩ ᠨᠠᠭᠤᠷ ᠤᠨ ᠤᠰᠤ ᠨᠢ ᠳᠣᠯᠭᠢᠶᠠᠯᠠᠨ᠂ ᠨᠡᠭᠦᠳᠡᠯ ᠤᠨ | ᠰᠢᠪᠠᠭᠤᠳ ᠬᠤᠷᠠᠨ ᠴᠤᠭᠯᠠᠷᠠᠬᠤ ᠶᠢ ᠰᠣᠨᠢᠷᠬᠠᠵᠤ᠂ ᠪᠤᠤ ᠱᠢ ᠶᠢᠨ ᠨᠠᠭᠤᠷ ᠤᠨ ᠬᠠᠰᠢᠯᠭ᠎ᠠ ᠶᠢᠨ ᠳᠣᠤᠷᠠᠬᠢ ᠲᠠᠯ᠎ᠠ | ᠨᠤᠲᠤᠭ ᠤᠨ ᠭᠤᠶᠣ ᠦᠵᠡᠮᠵᠢ᠂ ᠪᠠᠶᠢᠭᠠᠯᠢ ᠶᠢᠨ ᠨᠣᠮᠢᠨ ᠪᠤᠷᠭᠠᠰᠤ ᠶᠢ ᠰᠣᠨᠢᠷᠬᠠᠵᠤ᠂ ᠰᠠᠶᠢᠨᠬᠤᠸᠠᠷ᠂ ᠱᠤ᠋ ᠭᠤᠸᠠᠩ | ᠬᠦᠷᠢᠶᠡᠯᠡᠩ ᠲᠣᠭᠤᠷᠢᠭ ᠤᠨ ᠲᠡᠭᠦᠬᠦ ᠪᠠᠶᠠᠷ ᠴᠡᠩᠭᠡᠯ ᠢ ᠮᠡᠳᠡᠷᠡᠵᠦ ᠪᠣᠯᠤᠨ᠎ᠠ᠃ | ᠠᠭᠠᠷ ᠲᠣᠬᠢᠷᠠᠭᠤᠯᠤᠭᠴᠢ ᠶᠢ ᠲᠤᠷᠰᠢᠬᠤ᠂ ᠴᠥᠭᠦᠷᠥᠮ ᠳᠤ ᠤᠰᠤ ᠣᠷᠣᠭᠤᠯᠬᠤ᠂ ᠵᠣᠴᠢᠳ ᠤᠨ ᠥᠷᠥᠭᠡ ᠶᠢ | ᠴᠡᠪᠡᠷᠯᠡᠬᠦ ᠠᠵᠢᠯ᠂ ︿ᠲᠠᠪᠤᠨ ᠰᠠᠷ᠎ᠠ ᠶᠢᠨ ᠨᠢᠭᠡᠨ﹀ ᠤ ᠠᠮᠠᠷᠠᠯᠲᠠ ᠶᠢᠨ ᠬᠤᠭᠤᠴᠠᠭ᠎ᠠ ᠣᠶᠢᠷᠠᠲᠤᠬᠤ ᠶᠢ ᠳᠠᠭᠠᠯᠳᠤᠨ᠂ | ᠣᠯᠠᠨ ᠤ ᠠᠩᠬᠠᠷᠤᠯ ᠢ ᠲᠠᠲᠠᠭᠰᠠᠨ ᠲᠦᠴᠢᠦᠸᠠᠨ ᠰᠢᠶᠠᠨ ᠤ ᠡᠪᠦᠭᠡᠨ ᠠᠭᠤᠯᠠᠨ ᠤ ᠤᠢ ᠰᠢᠭᠤᠢ ᠶᠢᠨ | ᠠᠰᠠᠷᠠᠮᠵᠢ ᠶᠢᠨ ᠶᠡᠷᠦᠩᠬᠡᠶᠢᠯᠡᠭᠰᠡᠨ ᠴᠤᠭᠴᠠ ᠶᠢᠨ ᠵᠢᠭᠤᠯᠴᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ | ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠪᠠ᠃ | | ᠲᠦᠴᠢᠦᠸᠠᠨ ᠰᠢᠶᠠᠨ ᠤ ᠡᠪᠦᠭᠡᠨ ᠠᠭᠤᠯᠠᠨ ᠤ ᠤᠢ ᠰᠢᠭᠤᠢ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠣᠭᠴᠠ | ᠨᠢ ᠪᠤᠤ ᠱᠢ ᠪᠠᠯᠭᠠᠰᠤᠨ ᠳᠤ ᠪᠠᠶᠢᠷᠢᠯᠠᠵᠤ᠂ ᠯᠣᠤ ᠳᠧᠦ ᠱᠠᠨ ᠤ ᠪᠠᠶᠢᠭᠠᠯᠢ ᠶᠢᠨ ᠥᠩᠭᠡ ᠦᠵᠡᠮᠵᠢ ᠶᠢᠨ ᠲᠣᠭᠤᠷᠢᠨ | ᠳᠤ᠂ ︽ᠦᠵᠡᠮᠵᠢ ᠶᠢᠨ ᠣᠷᠣᠨ + ᠬᠤᠨᠤᠭ ᠪᠠᠭᠤᠳᠠᠯ︾ ᠤᠨ ᠠᠭᠤᠰᠤᠯᠴᠠᠯ ᠢᠶᠠᠷ ᠬᠥᠭᠵᠢᠯᠲᠡ ᠶᠢᠨ ᠵᠠᠭᠪᠤᠷ | ᠪᠣᠯᠭᠠᠪᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ | ᠂ ᠶᠤᠸᠠᠨ ᠸᠧᠶ ᠣᠶ ᠰᠢᠭᠤᠶ ᠶᠢᠨ ᠠᠮᠲᠠᠲᠤ ᠢᠳᠡᠭᠡᠨ ᠤ ᠬᠦᠷᠢᠶᠡᠯᠡᠩ᠂ ᠰᠧᠨ ᠲᠠᠩ SPA᠂ ᠣᠶ ᠰᠢᠭᠤᠶ ᠶᠢᠨ | ᠳᠠᠭᠤᠤ ᠬᠥᠭᠵᠢᠮᠲᠦ ᠵᠦᠯᠭᠡ᠂ ᠠᠭᠤᠯᠠ ᠴᠢᠯᠠᠭᠤᠨ ᠤ ᠲᠠᠭᠤᠨ ᠵᠦᠴᠦᠭᠡ ᠶᠢᠨ ᠲᠢᠶᠠᠲᠷ ᠲᠠᠢ ᠪᠠᠶᠢᠵᠤ᠂ | ᠵᠤᠭᠠᠴᠠᠭᠰᠠᠳ ᠠᠳᠡ ᠠᠭᠤᠯᠠ ᠠᠪᠠᠷᠢᠨ ᠠᠯᠤᠰ ᠢ ᠪᠡᠷᠡᠯᠡᠵᠦ᠂ ᠬᠠᠪᠤᠷ ᠤᠨ ᠵᠢᠰᠢᠭᠦᠦ ᠨᠠᠷᠠ ᠶᠢ ᠰᠣᠨᠢᠷᠬᠠᠨ᠂ | ᠡᠪᠦᠭᠡᠨ ᠠᠭᠤᠯᠠ ᠶᠢᠨ ᠭᠠᠵᠠᠷ ᠤᠨ ᠪᠠᠶᠢᠴᠠ ᠶᠢᠨ ᠣᠨᠴᠠᠯᠢᠭ᠂ ᠤᠰᠤᠨ ᠵᠢᠷᠤᠭᠠᠰᠤᠲᠤ ᠠᠭᠤᠷ ᠠᠮᠢᠰᠬᠤᠯ᠂ | ᠵᠢᠭᠦᠷᠲᠡᠨ ᠠᠷᠢᠶᠠᠲᠠᠨ ᠵᠢᠭᠠᠰᠤ ᠬᠤᠷᠣᠬᠠᠶ ᠶᠢ ᠣᠶᠢᠯᠠᠭᠠᠵᠤ᠂ ᠪᠠᠶᠢᠭᠠᠯᠢ ᠶᠢ ᠬᠠᠶᠢᠨ ᠰᠢᠨᠵᠢᠯᠡᠵᠦ᠂ ᠠᠮᠢ ᠠᠬᠤᠶ ᠶᠢᠨ | ᠭᠤᠸ᠎ᠠ ᠰᠠᠶᠢᠬᠠᠨ ᠢ ᠮᠡᠳᠡᠷᠡᠵᠦ ᠪᠣᠯᠤᠨ᠎ᠠ᠃ | | ᠲᠦᠴᠢᠦᠸᠠᠨ ᠰᠢᠶᠠᠨ ᠤ ᠡᠪᠦᠭᠡᠨ ᠠᠭᠤᠯᠠᠨ ᠤ ᠤᠢ ᠰᠢᠭᠤᠢ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ | ᠴᠤᠭᠴᠠ ᠶᠢᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠫᠢᠩ ᠨᠦᠸᠧ ᠲᠠᠨᠢᠯᠴᠠᠭᠤᠯᠬᠤ ᠳᠠᠭᠠᠨ᠄ ︽ᠪᠢᠳᠡ ᠣᠳᠣ | ᠶᠠᠭ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ ᠱᠠᠲᠤᠨ ᠳᠤ ᠪᠠᠶᠢᠨ᠎ᠠ᠂ ᠶᠡᠷᠦᠩᠬᠡᠶᠢᠯᠡᠭᠰᠡᠨ | ᠴᠣᠭᠴᠠ ᠨᠢ ︿ᠲᠠᠪᠤᠨ ᠰᠠᠷ᠎ᠠ ᠶᠢᠨ ᠨᠢᠭᠡᠨ﹀ ᠳᠤ ᠵᠢᠩᠬᠢᠨᠢ ᠪᠠᠷ ᠨᠡᠭᠡᠭᠡᠬᠦ ᠪᠣᠯᠤᠨ᠎ᠠ᠂ ᠵᠢᠭᠤᠯᠴᠢᠯᠠᠭᠴᠢᠳ ᠲᠤ ᠨᠡᠩ | ᠰᠠᠶᠢᠨ ᠥᠩᠭᠡᠷᠡᠯᠲᠡ ᠣᠯᠭᠤᠬᠤ ᠶᠢᠨ ᠲᠥᠯᠥᠭᠡ᠂ ᠪᠢᠳᠡ ᠪᠠᠰᠠ 10 ᠵᠢᠭᠤᠯᠴᠢᠯᠠᠯ ᠤᠨ ᠲᠡᠷᠭᠡ ᠬᠤᠳᠠᠯᠳᠤᠨ | ᠠᠪᠴᠤ᠂ ᠣᠶ ᠰᠢᠭᠤᠶ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠤᠭᠴᠠ ᠠᠴᠠ ᠰᠢᠭᠤᠳ ᠡᠪᠦᠭᠡᠨ ᠠᠭᠤᠯᠠᠨ ᠤ | ᠡᠯ᠎ᠡ ᠦᠵᠡᠮᠵᠢ ᠶᠢᠨ ᠤᠷᠤᠨ ᠳᠤ ᠬᠦᠷᠴᠦ᠂ ᠵᠢᠭᠤᠯᠴᠢᠯᠠᠭᠴᠢᠳ ᠲᠤ ᠡᠬᠡ ᠪᠠᠶᠢᠭᠠᠯᠢ ᠶᠢᠨ ᠥᠩᠭᠡ ᠦᠵᠡᠮᠵᠢ ᠶᠢ | ᠮᠡᠳᠡᠷᠡᠭᠦᠯᠵᠦ᠂ ᠰᠠᠶᠢᠨ ᠰᠠᠶᠢᠬᠠᠨ ᠪᠡᠶᠡᠴᠢᠯᠡᠨ ᠣᠶᠢᠯᠠᠭᠠᠬᠤ ᠲᠥᠷᠥᠭᠳᠡᠯ ᠲᠠᠢ ᠪᠣᠯᠭᠠᠨ᠎ᠠ᠃︾ ᠭᠡᠪᠡ᠃ | | ᠰᠠᠶᠢᠨᠬᠤᠸᠠᠷ ᠣᠲᠣ ᠦᠶ᠎ᠡ ᠶᠢᠨ ᠲᠠᠷᠢᠶᠠᠯᠠᠩ ᠤᠨ ᠠᠮᠢ ᠠᠬᠤᠶ ᠶᠢᠨ ᠬᠦᠷᠢᠶᠡᠯᠡᠩ ᠲᠣᠭᠤᠷᠢᠭ ᠲᠤ ᠣᠷᠣᠪᠠᠯ᠂ | ᠵᠠᠮ ᠳᠠᠭᠠᠤ ᠪᠠᠶᠢᠭᠤᠯᠤᠭᠰᠠᠨ ᠪᠠᠷᠢᠮᠵᠢᠶᠠᠵᠢᠭᠰᠠᠨ ᠲᠥᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠶᠢᠨ ᠳᠣᠲᠣᠷ᠎ᠠ ᠨᠢ | ᠠᠳᠠᠯᠢ ᠪᠤᠰᠤ ᠦᠵᠡᠮᠵᠢ ᠬᠠᠷᠠᠭᠳᠠᠨ᠎ᠠ᠃ ᠬᠦᠯᠡᠮᠵᠢ ᠳᠣᠲᠣᠷᠠᠬᠢ ᠣᠳᠣᠬᠢᠴᠢᠯᠠᠭᠰᠠᠨ ᠪᠣᠶᠢᠵᠢᠭᠤᠯᠬᠤ ᠲᠥᠬᠦᠭᠡᠷᠦᠮᠵᠢ | ᠴᠥᠮ ᠪᠦᠷᠢᠨ ᠪᠠᠶᠢᠵᠤ᠂ ᠭᠦᠵᠡᠯᠵᠡᠭᠡᠨ᠎ᠡ᠂ ᠦᠵᠦᠮ᠂ ᠲᠣᠮᠣ ᠢᠩᠲᠣᠣᠷ᠂ ᠬᠤᠯᠤᠰᠤᠨ ᠰᠦᠶ᠎ᠡ ᠵᠡᠷᠭᠡ ᠣᠯᠠᠨ | ᠵᠦᠶᠯ ᠤᠨ ᠵᠢᠮᠢᠰ ᠢᠳᠡᠰᠢᠨ ᠨᠣᠭᠤᠭ᠎ᠠ ᠥᠷᠨᠢᠭᠦᠨ ᠢᠶᠠᠷ ᠤᠷᠭᠤᠵᠤ ᠪᠠᠶᠢᠨ᠎ᠠ᠃ | ᠬᠦᠷᠢᠶᠡᠯᠡᠩ ᠲᠣᠭᠤᠷᠢᠭ ᠳᠣᠲᠣᠷᠠᠬᠢ ᠢᠩᠲᠣᠣᠷ ᠲᠡᠭᠦᠬᠦ ᠬᠦᠯᠡᠮᠵᠢ ᠳᠤ᠂ ᠭᠢᠯᠲᠠᠭᠠᠨᠠᠮ᠎ᠠ ᠤᠯᠠᠭᠠᠨ ᠢᠩᠲᠣᠣᠷ | ᠰᠠᠯᠠᠭ᠎ᠠ ᠨᠠᠮᠠᠭ᠎ᠠ ᠪᠠᠷ ᠳᠦᠭᠦᠷᠴᠦ᠂ ᠨᠣᠭᠤᠭᠠᠨ ᠨᠠᠪᠴᠢᠰ ᠢᠶᠠᠷ ᠪᠦᠷᠬᠦᠵᠦ᠂ ᠪᠥᠭᠡᠮ ᠪᠥᠭᠡᠮ᠂ ᠬᠡᠯᠬᠢᠶ᠎ᠡ ᠬᠡᠯᠬᠢᠶ᠎ᠡ | ᠢᠩᠲᠣᠣᠷ ᠨᠢ ᠬᠦᠮᠦᠰ ᠤᠨ ᠰᠢᠯᠦᠰᠦ ᠶᠢ ᠭᠤᠭᠤᠵᠢᠭᠤᠯᠤᠨ᠎ᠠ᠃ ᠠᠶᠢᠮᠠᠭ ᠤᠨ ᠳᠣᠲᠣᠨ᠎ᠠ ᠭᠠᠳᠠᠨᠠᠬᠢ ᠵᠢᠭᠤᠯᠴᠢᠳ | ᠢᠩᠲᠣᠣᠷ ᠮᠣᠳᠣᠨ ᠤ ᠳᠣᠤᠷ᠎ᠠ ᠰᠦᠯᠵᠢᠯᠳᠦᠵᠦ᠂ ᠰᠢᠨ᠎ᠡ ᠰᠣᠷᠭᠤᠭ ᠢ ᠠᠮᠲᠠᠯᠠᠬᠤ ᠪᠤᠶᠤ ᠲᠡᠭᠦᠵᠦ᠂ ᠰᠠᠶᠢᠨ | ᠰᠠᠶᠢᠬᠠᠨ ᠴᠠᠭ ᠮᠥᠴᠡ ᠶᠢ ᠡᠳ᠋ᠯᠡᠨ᠎ᠡ᠃ | | ︽ᠠᠳᠡᠬᠢ ᠢᠩᠲᠣᠣᠷ ᠤᠨ ᠪᠡᠶ᠎ᠡ ᠨᠢ ᠲᠣᠮᠣ᠂ ᠥᠩᠭᠡ ᠨᠢ ᠬᠢᠯᠠᠭᠠᠷ᠂ ᠮᠢᠬ᠎ᠠ ᠨᠢ ᠵᠤᠵᠠᠭᠠᠨ᠂ ᠠᠮᠲᠠ ᠨᠢ | ᠰᠢᠬᠢᠷᠯᠢᠭ᠂ ᠠᠮᠲᠠᠲᠠᠶ ᠵᠡᠷᠭᠡ ᠣᠨᠴᠠᠯᠢᠭ ᠲᠠᠢ᠂ ᠪᠢ ᠵᠢᠯ ᠪᠦᠷᠢ ᠲᠤᠰᠬᠠᠶᠢᠯᠠᠨ ᠢᠷᠡᠵᠦ ᠲᠡᠭᠦᠵᠦ ᠲᠥᠷᠥᠯ ᠰᠠᠳᠤᠨ | ᠨᠠᠶᠢᠵᠠ ᠨᠥᠬᠦᠳ ᠲᠡᠭᠡᠨ ᠬᠦᠷᠭᠡᠳᠡᠭ᠂ ᠲᠠᠳᠠ ᠪᠠᠰᠠ ᠢᠳᠡᠬᠦ ᠳᠤᠷᠠᠲᠠᠶ᠃︾ ᠭᠡᠵᠦ ᠵᠢᠭᠤᠯᠴᠢᠯᠠᠭᠴᠢ ᠸᠠᠩ ᠰᠢᠨ | ᠢᠤᠢ ᠬᠡᠯᠡᠪᠡ᠃ | ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠲᠠᠷᠢᠶᠠᠯᠠᠩ | ᠤᠨ ᠲᠣᠮᠣ ᠰᠢᠶᠠᠨ ᠤ ᠳᠠᠪᠠᠭᠤᠯᠢᠭ ᠲᠠᠭᠠᠨ ᠲᠦᠰᠢᠭᠯᠡᠨ᠂ ᠬᠥᠳᠡᠭᠡ ᠨᠤᠲᠤᠭ ᠤᠨ ᠥᠩᠭᠡ ᠦᠵᠡᠮᠵᠢ᠂ ᠲᠠᠷᠢᠶᠠᠯᠠᠬᠤ | ᠪᠣᠯᠪᠠᠰᠤᠨ ᠵᠡᠷᠭᠡ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠠᠭᠤᠳᠠᠯᠤᠨ ᠠᠰᠢᠭᠯᠠᠵᠤ᠂ ᠬᠥᠳᠡᠭᠡ | ᠲᠣᠰᠬᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠢ ᠳᠣᠪᠣᠶᠢᠯᠭᠠᠵᠤ᠂ ᠬᠤᠲᠠ ᠪᠣᠯᠤᠨ ᠬᠥᠳᠡᠭᠡ ᠲᠣᠰᠬᠤᠨ ᠢ | ᠬᠠᠷᠢᠯᠴᠠᠨ ᠦᠶᠯᠡᠳᠦᠯᠴᠡᠭᠦᠯᠵᠦ᠂ ᠲᠣᠭᠤᠷᠢᠨ ᠦᠵᠡᠵᠦ ᠲᠡᠭᠦᠬᠦ ᠪᠠ ᠲᠦᠬᠦᠭᠡᠷᠦᠮᠵᠢᠲᠦ ᠲᠠᠷᠢᠶᠠᠯᠠᠩ ᠢ ᠲᠦᠷᠭᠡᠨ | ᠬᠥᠭᠵᠢᠭᠦᠯᠵᠦ᠂ ᠳᠥᠷᠪᠡᠨ ᠤᠯᠠᠷᠢᠯ ᠳᠤ ᠴᠥᠮ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠲᠡᠭᠦᠵᠦ ᠪᠣᠯᠬᠤ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠨᠠᠩ | ᠰᠠᠶᠢᠨ ᠨᠠᠩ ᠲᠦᠷᠭᠡᠨ ᠬᠥᠭᠵᠢᠯᠲᠡ ᠶᠢ ᠠᠬᠢᠭᠤᠯᠪᠠ᠃ | | ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠤ ᠬᠦᠯᠡᠮᠵᠢ ᠶᠢᠨ ᠶᠡᠷᠦᠩᠬᠡᠢ ᠲᠤᠭ᠎ᠠ 5376 ᠰᠠᠭᠤᠷᠢ ᠪᠠᠶᠢᠵᠤ᠂ | ᠶᠡᠷᠦᠩᠬᠡᠢ ᠲᠠᠯᠠᠪᠠᠢ ᠨᠢ 330 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠳᠤ ᠬᠦᠯᠡᠮᠵᠢ ᠶᠢᠨ | ᠫᠧᠩ 4576 ᠰᠠᠭᠤᠷᠢ᠂ ᠬᠦᠢᠲᠡᠨ ᠫᠧᠩ 800 ᠰᠠᠭᠤᠷᠢ ᠪᠠᠶᠢᠵᠤ᠂ ᠤᠯᠠᠷᠢᠯ ᠰᠥᠷᠬᠦ ᠢᠳᠡᠰᠢᠨ ᠨᠣᠭᠤᠭ᠎ᠠ ᠶᠢᠨ | ᠵᠢᠯ ᠤᠨ ᠭᠠᠷᠤᠯᠲᠠ 5.8 ᠲᠦᠮᠡᠨ ᠲᠣᠨ ᠣᠷᠴᠢᠮ ᠪᠠᠶᠳᠠᠭ᠃ | ᠮᠢᠩ ᠰᠢᠩ ᠨᠠᠭᠤᠷ ᠤᠨ ᠵᠤᠭᠠᠴᠠᠯ ᠤᠨ ᠣᠷᠣᠨ ᠳᠤ ᠬᠦᠷᠴᠦ ᠢᠷᠡᠬᠦ ᠳᠤ᠂ ᠠᠪᠤᠷᠭᠤ ᠲᠣᠮᠣ ᠪᠣᠯᠣᠳ | ᠪᠦᠲᠦᠴᠡᠲᠦ ᠬᠠᠯᠢᠮᠤ ᠶᠢᠨ ᠰᠡᠭᠦᠯ ᠨᠢ ᠭᠠᠵᠠᠷ ᠤᠨ ᠭᠠᠳᠠᠷᠭᠤ ᠠᠴᠠ ᠴᠤᠬᠤᠶᠢᠵᠤ᠂ ᠨᠣᠮᠢᠨ ᠨᠣᠭᠤᠭᠠᠨ ᠨᠠᠭᠤᠷ ᠤᠨ | ᠤᠰᠤ ᠠᠷᠯᠠᠨ ᠢᠷᠠᠯᠵᠠᠵᠤ᠂ ᠬᠡᠳᠦᠨ ᠮᠢᠩᠭᠠᠨ ᠬᠠᠯᠢᠭᠤᠨ ᠭᠠᠯᠠᠭᠤ᠂ ᠬᠤᠨ ᠭᠠᠯᠠᠭᠤ᠂ ᠨᠤᠭᠤᠰᠤ ᠨᠠᠭᠤᠷ ᠳᠡᠭᠡᠷ᠎ᠡ | ᠬᠥᠯ ᠲᠣᠭᠲᠠᠨ ᠠᠮᠢᠳᠤᠷᠠᠵᠤ᠂ ᠬᠠᠶᠠ ᠳᠠᠭᠠᠨ ᠤᠰᠤᠨ ᠤ ᠭᠠᠳᠠᠷᠭᠤ ᠳᠤ ᠨᠠᠭᠠᠳᠤᠨ ᠲᠣᠭᠯᠠᠵᠤ᠂ ᠭᠤᠴᠣ ᠰᠠᠶᠢᠬᠠᠨ | ᠠᠭᠤᠯᠠ ᠤᠰᠤᠨ ᠤ ᠵᠢᠷᠤᠭ ᠢ ᠪᠦᠷᠢᠯᠳᠦᠭᠦᠯᠵᠡᠶ᠃ | | ᠲᠩᠷᠢ ᠳᠤᠯᠠᠭᠠᠷᠠᠬᠤ ᠶᠢ ᠳᠠᠭᠠᠯᠳᠤᠨ᠂ ᠴᠥᠭᠡᠨ ᠪᠤᠰᠤ ᠵᠤᠭᠠᠴᠠᠭᠰᠠᠳ ᠮᠠᠰᠢᠨ ᠲᠡᠷᠭᠡ ᠪᠠᠷ ᠮᠢᠩ ᠰᠢᠩ ᠨᠠᠭᠤᠷ | ᠤᠨ ᠬᠥᠪᠡᠭᠡᠨ ᠳᠤ ᠢᠷᠡᠵᠦ᠂ ᠵᠢᠭᠠᠰᠤ ᠭᠥᠬᠢᠳᠡᠨ ᠬᠡᠭᠡᠷ᠎ᠡ ᠬᠤᠭᠤᠯᠠᠯᠠᠵᠤ᠂ ᠬᠤᠶᠠᠷ ᠭᠤᠷᠪᠠᠨ ᠰᠠᠶᠢᠨ ᠨᠠᠶᠢᠵᠠ ᠲᠠᠢ | ᠪᠠᠨ ᠬᠥᠭᠡᠷᠦᠯᠳᠦᠨ ᠨᠠᠭᠠᠳᠤᠨ᠎ᠠ᠃ ᠤᠯᠠᠭᠠᠨᠬᠤᠲᠠ ᠠᠴᠠ ᠢᠷᠡᠭᠰᠡᠨ ᠵᠤᠭᠠᠴᠠᠭᠰᠠᠳ ᠬᠤᠸᠠᠩ ᠶᠠᠩ ᠶᠠᠩ ᠥᠷᠯᠥᠭᠡ | ᠡᠷᠲᠡ ᠠᠪᠤ ᠡᠵᠢ ᠲᠠᠢ ᠪᠠᠨ ᠬᠠᠮᠲᠤ ᠮᠢᠩ ᠰᠢᠩ ᠨᠠᠭᠤᠷ ᠳᠡᠭᠡᠷ᠎ᠡ ᠢᠷᠡᠵᠦ᠂ ᠨᠠᠭᠤᠷ ᠤᠨ ᠬᠥᠪᠡᠭᠡᠨ ᠳᠤ ᠮᠠᠶᠢᠬᠠᠨ | ᠪᠣᠰᠬᠠᠵᠤ᠂ ᠭᠤᠶᠤ ᠦᠵᠡᠮᠵᠢ ᠶᠢ ᠪᠦᠬᠦᠨ ᠢ ᠣᠯᠵᠤ ᠦᠵᠡᠪᠡ᠃ | ︽ᠥᠨᠥᠳᠦᠷ ᠠᠪᠤ ᠡᠵᠢ ᠲᠠᠢ ᠪᠠᠨ ᠠᠳᠡ ᠢᠷᠡᠵᠦ ᠨᠠᠭᠠᠳᠤᠭᠠᠳ ᠮᠠᠰᠢ ᠣᠯᠠᠨ ᠨᠡᠭᠦᠳᠡᠯ ᠤᠨ ᠰᠢᠪᠠᠭᠤ ᠶᠢ | ᠣᠯᠵᠤ ᠬᠠᠷᠠᠵᠠᠢ᠂ ᠪᠠᠰᠠ ᠬᠡᠭᠡᠷ᠎ᠡ ᠶᠢᠨ ᠵᠢᠭᠠᠰᠤ ᠢᠳᠡᠵᠡᠢ᠂ ᠠᠩᠬ᠎ᠠ ᠤᠳᠠᠭ᠎ᠠ ᠵᠢᠭᠠᠰᠤᠨ ᠮᠢᠬ᠎ᠠ ᠪᠠᠷ ᠬᠢᠭᠰᠡᠨ | ᠲᠣᠭᠤᠭᠠᠨ ᠳᠤ ᠰᠢᠷᠠᠭᠰᠠᠨ ᠮᠢᠬ᠎ᠠ ᠶᠢ ᠢᠳᠡᠵᠡᠢ᠂ ᠲᠤᠩ ᠠᠮᠲᠠᠲᠠᠢ᠂ ︽ᠲᠠᠪᠤᠨ ᠰᠠᠷ᠎ᠠ ᠶᠢᠨ ᠨᠢᠭᠡᠨ︾ ᠲᠤ ᠪᠠᠰᠠ | ᠠᠪᠤ ᠡᠵᠢ ᠪᠠᠷ ᠢᠶᠠᠨ ᠨᠠᠳᠠ ᠶᠢ ᠳᠠᠭᠠᠭᠤᠯᠵᠤ ᠨᠠᠭᠠᠳᠤᠭᠤᠯᠤᠨ᠎ᠠ᠃︾ ᠭᠡᠵᠦ ᠵᠢᠭᠤᠯᠴᠢᠨ ᠬᠤᠸᠠᠩ ᠶᠠᠩ ᠶᠠᠩ | ᠬᠡᠯᠡᠪᠡ᠃ | | ᠮᠢᠩ ᠱᠢᠩ ᠨᠠᠭᠤᠷ ᠤᠨ ᠵᠢᠭᠤᠯᠴᠢᠯᠠᠯ ᠠᠮᠠᠷᠠᠯᠲᠠ ᠶᠢᠨ ᠣᠷᠣᠨ ᠨᠢ ᠵᠡᠭᠦᠨ ᠳᠥᠷᠥᠯᠵᠢ ᠪᠠᠯᠭᠠᠰᠤ ᠶᠢᠨ ᠮᠢᠩ | ᠰᠢᠩ ᠲᠣᠰᠬᠤᠨ ᠳᠤ ᠪᠠᠶᠢᠷᠢᠯᠠᠵᠤ᠂ ᠬᠥᠳᠡᠭᠡ ᠲᠣᠰᠬᠤᠨ ᠤ ᠣᠨᠴᠠᠯᠢᠭ᠂ ᠵᠢᠭᠠᠰᠤᠨ ᠠᠵᠤ ᠠᠬᠤᠶ ᠶᠢᠨ ᠡᠬᠢ | ᠪᠠᠶᠠᠯᠢᠭ᠂ ᠡᠴᠢᠭᠡ ᠡᠬᠡ ᠦᠷ᠎ᠡ ᠬᠡᠦᠬᠡᠳ ᠤᠨ ᠰᠡᠯᠡᠭᠦᠴᠡᠯ ᠵᠡᠷᠭᠡ ᠣᠨᠴᠠᠯᠢᠭ ᠢ ᠭᠦᠨᠵᠡᠭᠡᠶ ᠠᠭᠤᠳᠠᠯᠵᠤ᠂ ᠣᠳᠣᠲᠤ | ᠨᠠᠭᠤᠷ ᠤᠨ ᠠᠮᠢ ᠠᠬᠤᠶ ᠪᠠᠷ ᠰᠠᠭᠤᠷᠢ ᠪᠣᠯᠭᠠᠵᠤ᠂ ᠬᠥᠳᠡᠭᠡ ᠲᠣᠰᠬᠤᠨ ᠤ ᠥᠩᠭᠡ ᠳᠦᠷᠰᠦ ᠶᠢ ᠥᠭᠡᠷᠡᠴᠢᠯᠡᠬᠦ | ᠪᠠᠷ ᠳᠠᠮᠵᠢᠭᠤᠯᠤᠨ᠂ ᠪᠦᠷᠢᠨ ᠲᠡᠭᠦᠯᠳᠡᠷ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠰᠠᠭᠤᠷᠢ ᠪᠡᠯᠡᠳᠬᠡᠮᠵᠢ ᠶᠢ | ᠲᠥᠬᠦᠷᠵᠢᠭᠦᠯᠦᠭᠰᠡᠨ ᠤ ᠬᠠᠮᠲᠤ᠂ ᠡᠴᠢᠭᠡ ᠡᠬᠡ ᠦᠷ᠎ᠡ ᠬᠡᠦᠬᠡᠳ ᠤᠨ ᠰᠡᠯᠡᠭᠦᠴᠡᠯ ᠤᠨ ᠡᠵᠡᠩᠨᠡᠯᠲᠡ ᠶᠢᠨ ᠪᠠᠶᠢᠳᠠᠯ | ᠳᠤ ᠣᠷᠣᠭᠤᠯᠤᠨ᠂ ᠬᠥᠳᠡᠭᠡ ᠲᠣᠰᠬᠤᠨ᠂ ᠵᠢᠭᠠᠰᠤᠨ ᠠᠵᠤ ᠠᠬᠤᠶ᠂ ᠡᠴᠢᠭᠡ ᠡᠬᠡ ᠦᠷ᠎ᠡ ᠬᠡᠦᠬᠡᠳ ᠢ | ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠣᠲᠣ ᠶᠢᠨ ᠪᠠᠶᠢᠭ᠎ᠠ ᠲᠤᠲᠤᠷᠭ᠎ᠠ ᠶᠢᠨ ᠲᠠᠷᠢᠶ᠎ᠠ᠂ ᠠᠮᠲᠠᠲᠤ ᠬᠡᠮᠬᠡ ᠵᠡᠷᠭᠡ | ᠠᠵᠤ ᠦᠶᠯᠡᠰ ᠵᠢᠴᠢ ᠤᠰᠤᠨ ᠭᠠᠳᠠᠷᠭᠤ ᠶᠢᠨ ᠡᠬᠢ ᠪᠠᠶᠠᠯᠢᠭ ᠢ ᠠᠰᠢᠭᠯᠠᠨ᠂ ᠲᠠᠷᠢᠶᠠᠯᠠᠩ ᠤᠨ ᠠᠵᠤ ᠦᠶᠯᠡᠰ | ᠬᠢᠭᠡᠳ ᠠᠮᠲᠠᠲᠤ ᠢᠳᠡᠭᠡᠨ ᠭᠤᠶᠣ ᠦᠵᠡᠮᠵᠢ᠂ ᠰᠡᠯᠡᠭᠦᠴᠡᠯ ᠵᠢᠭᠤᠯᠴᠢᠯᠠᠯ ᠵᠡᠷᠭᠡ ᠠᠵᠤ ᠦᠶᠯᠡᠰ ᠤᠨ ᠭᠦᠨᠵᠡᠭᠡᠶ | ᠠᠭᠤᠰᠤᠯᠴᠠᠯ ᠢ ᠠᠬᠢᠭᠤᠯᠵᠤ᠂᠃ ᠭᠤᠤᠯᠳᠠᠭᠤ ᠮᠤᠤ ᠢ ᠰᠢᠶᠠᠩ ᠭᠤᠳᠤᠮᠵᠢ ᠢᠤᠢ ᠳ᠋ᠢᠩ ᠠᠮᠲᠠᠲᠤ ᠢᠳᠡᠭᠡᠨ ᠤ | ᠵᠡᠭᠡᠯᠢ᠂ ᠨᠠᠷᠠᠨ ᠭᠡᠷᠡᠯᠳᠦ ᠡᠯᠡᠰᠦᠨ ᠲᠠᠩ᠂ ᠱᠦᠶ ᠮᠧᠶ ᠷᠧᠨ ᠵᠢᠶᠠ᠂ ᠲᠤᠲᠤᠷᠭ᠎ᠠ ᠨᠠᠢᠮᠠᠯᠵᠢ ᠶᠢᠨ ᠴᠡᠴᠡᠷᠯᠢᠭ ᠵᠡᠷᠭᠡ | ᠳᠥᠷᠪᠡᠨ ᠲᠣᠭᠤᠷᠢᠭ ᠬᠤᠪᠢᠶᠠᠵᠤ᠂ ᠠᠭᠤᠯᠭ᠎ᠠ ᠨᠢ ᠣᠩᠭᠤᠴᠠ ᠪᠠᠭᠤᠳᠠᠯ᠂ ᠶᠤᠸᠠᠨ ᠶᠤᠸᠠᠢ ᠬᠤᠭᠤᠯᠠᠨ ᠲᠢᠩᠬᠢᠮ᠂ | ᠰᠦᠯᠵᠢᠶᠡᠨ ᠬᠠᠯᠠᠮᠰᠢᠯ ᠥᠷᠲᠡᠭᠡ᠂ ᠬᠠᠯᠢᠮᠤ ᠵᠢᠭᠠᠰᠤᠨ ᠤ ᠦᠰᠦᠷᠦᠯᠲᠡ ᠵᠡᠷᠭᠡ ᠣᠨᠴᠠᠯᠢᠭᠲᠤ ᠵᠢᠭᠤᠯᠴᠢᠯᠠᠯ ᠤᠨ | ᠺᠠᠷᠲ ᠠᠪᠬᠤ ᠭᠠᠵᠠᠷ ᠪᠣᠯᠤᠨ᠎ᠠ᠃ | | ᠣᠶᠢᠷ᠎ᠠ ᠶᠢᠨ ᠵᠢᠯ ᠠᠴᠠ ᠨᠠᠭᠠᠰᠢ᠂ ᠲᠦᠴᠢᠦᠸᠠᠨ ᠰᠢᠶᠠᠨ ᠲᠠᠷᠢᠶᠠᠯᠠᠩ ᠤᠨ ᠲᠣᠮᠣ ᠰᠢᠶᠠᠨ ᠤ ᠳᠠᠪᠠᠭᠤᠯᠢᠭ | ᠲᠠᠭᠠᠨ ᠲᠦᠰᠢᠭᠯᠡᠨ᠂ ᠪᠠᠶᠠᠷ ᠳᠤᠷᠠᠰᠬᠠᠯ ᠤᠨ ᠨᠠᠷᠠᠲᠤ ᠲᠡᠮᠳᠡᠭ ᠢ ᠴᠢᠩᠭᠠᠳᠬᠠᠬᠤ᠂ ᠦᠵᠡᠮᠵᠢ ᠶᠢᠨ ᠣᠷᠣᠨ ᠤ | ᠵᠢᠭᠰᠠᠭᠠᠯ ᠢ ᠪᠠᠬᠢᠵᠢᠭᠦᠯᠬᠦ ᠵᠡᠷᠭᠡ ᠠᠷᠭ᠎ᠠ ᠪᠣᠳᠣᠯᠭ᠎ᠠ ᠪᠠᠷ ᠳᠠᠮᠵᠢᠭᠤᠯᠤᠨ᠂ ︽ᠨᠢᠭᠡ ᠠᠭᠤᠯᠠ ᠬᠤᠶᠠᠷ ᠨᠠᠭᠤᠷ | ᠬᠤᠶᠠᠷ ᠬᠦᠷᠢᠶᠡᠯᠡᠩ ᠳᠥᠷᠪᠡᠨ ᠣᠷᠳᠣᠨ ᠨᠢᠭᠡ ᠭᠤᠤᠯ ᠰᠡᠳᠦᠪᠲᠦ ᠴᠡᠴᠡᠷᠯᠢᠭ︾ ᠤᠨ ᠡᠯᠪᠡᠭ ᠪᠠᠶᠠᠯᠢᠭ | ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠥᠪᠡᠷᠮᠢᠴᠡ ᠣᠨᠴᠠᠯᠢᠭ ᠪᠥᠬᠦᠶ ᠰᠢᠶᠠᠨ ᠤ ᠬᠡᠪᠴᠢᠶᠡᠨ | ᠤ ᠵᠢᠭᠤᠯᠴᠢᠯᠠᠯ ᠤᠨ ᠨᠠᠷᠠᠲᠤ ᠲᠡᠮᠳᠡᠭ ᠢ ᠪᠥᠬᠦ ᠬᠦᠴᠦᠨ ᠢᠶᠠᠷ ᠢᠶᠠᠨ ᠡᠭᠦᠳᠦᠭᠰᠡᠨ ᠪᠠᠶᠢᠨ᠎ᠠ᠃ | | ︽ᠳᠤᠮᠳᠠᠳᠤ ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠭᠡᠬᠦ ᠢᠷᠠᠭᠤ ᠠᠯᠳᠠᠷ ᠲᠠᠢ | ᠡᠪᠦᠭᠡᠨ ᠠᠭᠤᠯᠠᠨ ᠳᠤ ᠬᠠᠪᠤᠷ ᠤᠨ ᠡᠳᠦᠷ ᠤᠨ ᠡᠭᠦᠯᠡᠨ ᠳᠠᠯᠠᠢ ᠶᠢ ᠰᠣᠨᠢᠷᠬᠠᠵᠤ᠂ ᠥᠨᠳᠥᠷ ᠠᠭᠤᠯᠠᠨ ᠳᠤ | ᠠᠪᠠᠷᠢᠵᠤ᠂ ᠡᠬᠡ ᠪᠠᠶᠢᠭᠠᠯᠢ ᠶᠢᠨ ᠤᠷᠠᠨ ᠨᠠᠷᠢᠨ ᠷᠢᠳᠢ ᠰᠢᠳᠢ ᠶᠢ ᠣᠶᠢᠯᠠᠭᠠᠪᠠ︔ ᠱᠤ᠋ ᠭᠤᠸᠠᠩ᠂ ᠰᠠᠶᠢᠨᠬᠤᠸᠠᠷ | ᠬᠤᠶᠠᠷ ᠶᠡᠭᠡ ᠬᠦᠷᠢᠶᠡᠯᠡᠩ ᠲᠣᠭᠤᠷᠢᠭ ᠲᠤ᠂ ᠰᠢᠨ᠎ᠡ ᠰᠣᠷᠭᠤᠭ ᠵᠢᠮᠢᠰ ᠨᠣᠭᠤᠭ᠎ᠠ ᠲᠡᠭᠦᠵᠦ᠂ ᠳᠥᠷᠪᠡᠨ ᠤᠯᠠᠷᠢᠯ | ᠳᠤ ᠰᠢᠬᠢᠷᠯᠢᠭ ᠠᠮᠲᠠ ᠶᠢ ᠡᠳ᠋ᠯᠡᠵᠦ᠂ ᠲᠦᠴᠢᠦᠸᠠᠨ ᠰᠢᠶᠠᠨ ᠤ ᠬᠥᠳᠡᠭᠡ ᠲᠣᠰᠬᠤᠨ ᠤ ᠵᠢᠭᠤᠯᠴᠢᠯᠠᠯ ᠢ | ᠠᠭᠤᠰᠤᠯᠴᠠᠭᠤᠯᠤᠭᠰᠠᠨ ︽ᠳᠥᠷᠪᠡᠨ ᠤᠯᠠᠷᠢᠯ ᠤᠨ ᠳᠠᠭᠤᠤ︾ ᠶᠢ ᠳᠠᠭᠤᠯᠠᠨ᠎ᠠ︔ ᠡᠪᠦᠭᠡᠨ ᠠᠭᠤᠯᠠ ᠤ ᠣᠢ | ᠰᠢᠭᠤᠶ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠣᠭᠴᠠ ᠳᠤ᠂ ᠬᠤᠲᠠ ᠠᠴᠠ ᠬᠤᠯᠠ ᠪᠠᠶᠢᠬᠤ ᠱᠤᠤᠭᠢᠶᠠᠨ᠂ | ᠪᠠᠶᠢᠭᠠᠯᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠯ ᠤᠨ ᠥᠪᠡᠷᠮᠢᠴᠡ ᠷᠢᠳᠢ ᠰᠢᠳᠢ ᠶᠢ ᠮᠡᠳᠡᠷᠡᠨ᠎ᠡ︔ | ᠮᠢᠩ ᠰᠢᠩ ᠨᠠᠭᠤᠷ ᠤᠨ ᠵᠤᠭᠠᠴᠠᠯ ᠠᠮᠠᠷᠠᠯᠲᠠ ᠶᠢᠨ ᠣᠷᠣᠨ ᠳᠤ᠂ ᠬᠡᠭᠡᠷ᠎ᠡ ᠬᠤᠭᠤᠯᠠᠯᠠᠨ ᠬᠡᠭᠡᠷ᠎ᠡ ᠬᠤᠨᠣᠭᠯᠠᠵᠤ᠂ | ᠲᠩᠷᠢ ᠶᠢᠨ ᠬᠠᠶᠠᠭᠠᠨ ᠳᠠᠬᠢ ᠲᠠᠰᠢᠭᠤ ᠨᠠᠷᠠ ᠶᠢ ᠬᠠᠷᠠᠵᠤ᠂ ︽ᠵᠢᠷᠤᠭ ᠤᠨ ᠳᠤᠮᠳᠠ ᠶᠠᠪᠤᠵᠤ᠂ ᠦᠵᠡᠮᠵᠢ ᠶᠢᠨ | ᠳᠤᠮᠳᠠ ᠵᠢᠷᠤᠵᠤ ᠵᠢᠭᠤᠯᠴᠢᠯᠠᠬᠤ︾ ᠶᠢ ᠪᠡᠶᠡᠯᠡᠭᠦᠯᠦᠨ᠎ᠡ︔ ᠪᠤᠤ ᠱᠢ ᠨᠠᠭᠤᠷ ᠤᠨ ᠵᠤᠭᠠᠴᠠᠯ ᠤᠨ ᠦᠵᠡᠮᠵᠢ ᠶᠢᠨ | ᠣᠷᠣᠨ ᠳᠤ᠂ ᠤᠷᠤᠰᠬᠠᠯ ᠲᠠᠭᠠᠨ ᠬᠠᠯᠭᠢᠯᠠᠨ ᠴᠠᠯᠭᠢᠯᠠᠵᠤ᠂ ᠠᠶᠢᠮᠠᠭ ᠤᠭᠰᠠᠭ᠎ᠠ ᠶᠢᠨ ᠠᠮᠲᠠᠲᠤ ᠢᠳᠡᠭᠡᠨ ᠢ | ᠠᠮᠲᠠᠯᠠᠵᠤ᠂ ᠡᠷᠲᠡᠨ ᠤ ᠬᠤᠳᠠ ᠶᠢᠨ ᠮᠢᠩᠭᠠᠨ ᠵᠢᠯ ᠤᠨ ᠲᠡᠦᠬᠡ ᠶᠢᠨ ᠤᠯᠠ ᠮᠥᠷ ᠢ ᠪᠦᠷ ᠣᠯᠵᠤ ᠬᠠᠷᠠᠪᠠ︔ | ᠲᠦᠴᠢᠦᠸᠠᠨ ᠤ ᠲᠡᠦᠬᠡ ᠰᠣᠶᠣᠯ ᠤᠨ ᠮᠦᠽᠧᠢ ᠳᠤ᠂ ᠭᠡᠷᠡᠯ ᠰᠡᠭᠦᠳᠡᠷ ᠤᠨ ᠬᠤᠪᠢᠷᠠᠯᠲᠠ ᠠᠴᠠ ᠯᠢᠶᠣᠤ ᠶᠢᠨ ᠤ | ᠲᠡᠦᠬᠡ ᠶᠢ ᠣᠶᠢᠯᠠᠭᠠᠵᠤ᠂ ᠲᠦᠴᠢᠦᠸᠠᠨ ᠤ ᠬᠥᠭᠵᠢᠯᠲᠡ ᠶᠢᠨ ᠲᠡᠦᠬᠡᠨ ᠶᠠᠪᠤᠴᠠ ᠶᠢ ᠣᠶᠢᠯᠠᠭᠠᠵᠤ᠂ ᠰᠤᠳᠤᠷ | ᠪᠢᠴᠢᠭ ᠲᠠᠬᠢ ᠦᠯᠢᠭᠡᠷ ᠢ ᠰᠣᠨᠣᠰᠪᠠ︔ ︽ᠯᠢ ᠴᠢᠤᠸᠠᠨ ᠤ ᠦᠯᠢᠭᠡᠷ ᠲᠦᠴᠢᠦᠸᠠᠨ ᠤ ᠭᠠᠷ ᠢᠶᠠᠷ ᠡᠭᠦᠳᠦᠯᠲᠡ︾ | ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠳᠤ᠂ | ᠲᠦᠴᠢᠦᠸᠠᠨ ᠤ ᠲᠠᠷᠢᠶᠠᠯᠠᠬᠤ ᠰᠣᠶᠣᠯ ᠪᠠ ᠠᠷᠠᠳ ᠤᠨ ᠵᠠᠩ ᠦᠢᠯᠡ ᠶᠢᠨ ᠰᠣᠶᠣᠯ ᠢ ᠪᠡᠶᠡᠴᠢᠯᠡᠨ ᠣᠶᠢᠯᠠᠭᠠᠵᠠᠶ︔ | ᠲᠦᠴᠢᠦᠸᠠᠨ ᠰᠢᠶᠠᠨ ᠤ ᠬᠤᠪᠢᠰᠬᠠᠯ ᠤᠨ ᠰᠣᠶᠣᠯ ᠤᠨ ᠬᠥᠮᠦᠵᠢᠯ ᠤᠨ ᠰᠠᠭᠤᠷᠢᠨ ᠳᠤ᠂ ᠲᠦᠴᠢᠦᠸᠠᠨ ᠰᠢᠶᠠᠨ ᠤ | ᠬᠤᠪᠢᠰᠬᠠᠯ ᠤᠨ ᠲᠡᠦᠬᠡ ᠰᠣᠶᠣᠯ ᠢ ᠣᠶᠢᠯᠠᠭᠠᠵᠤ᠂ ᠰᠡᠳᠬᠢᠯ ᠵᠢᠷᠦᠬᠡ ᠶᠢ ᠳᠣᠭᠳᠣᠯᠤᠭᠤᠯᠤᠨ᠎ᠠ︔ ᠡᠪᠦᠭᠡᠨ | ᠠᠭᠤᠯᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠳᠤ᠂ ᠠᠮᠢ ᠠᠬᠤᠶ ᠶᠢᠨ ᠮᠡᠳᠡᠯᠭᠡ ᠶᠢ ᠣᠶᠢᠯᠠᠭᠠᠵᠤ | ᠂ ᠪᠠᠶᠢᠭᠠᠯᠢ ᠶᠢ ᠬᠠᠶᠢᠨ ᠰᠦᠪᠡᠭᠴᠢᠯᠡᠵᠦ᠂ ᠠᠮᠢ ᠠᠬᠤᠶ ᠶᠢᠨ ᠭᠤᠸ᠎ᠠ ᠰᠠᠶᠢᠬᠠᠨ ᠢ ᠮᠡᠳᠡᠷᠡᠨ᠎ᠡ︔ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠴᠡᠴᠡᠷᠯᠢᠭ ᠲᠤ | ᠂ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢ ᠰᠤᠷᠤᠯᠴᠠᠵᠤ᠂ ᠤᠶᠤᠨ ᠰᠠᠨᠠᠭ᠎ᠠ ᠰᠣᠶᠣᠯ ᠤᠨ ᠳᠦᠷᠰᠦ ᠪᠠᠶᠢᠳᠠᠯ | ᠢ ᠪᠠᠶᠠᠯᠢᠭᠵᠢᠭᠤᠯᠤᠨ᠎ᠠ᠃ | | ᠵᠢᠭᠤᠯᠴᠢᠯᠠᠯ ᠤᠨ ᠦᠶᠯᠡᠰ ᠲᠠᠰᠤᠷᠠᠯᠲᠠ ᠥᠬᠡᠶ ᠪᠠᠶᠠᠯᠢᠭᠵᠢᠵᠤ᠂ ᠵᠢᠭᠤᠯᠴᠢᠯᠠᠯ ᠤᠨ ᠲᠥᠬᠦᠭᠡᠷᠦᠮᠵᠢ | ᠦᠷᠭᠦᠯᠵᠢᠯᠡᠨ ᠲᠡᠭᠦᠯᠳᠡᠷᠵᠢᠪᠡ᠂ ᠵᠢᠭᠤᠯᠴᠢᠯᠠᠭᠴᠢᠳ ᠲᠤ ᠦᠶᠯᠡᠴᠢᠯᠡᠬᠦ ᠪᠠᠲᠤᠯᠠᠭ᠎ᠠ ᠶᠢ ᠰᠡᠳᠬᠢᠯ ᠳᠡᠯᠪᠢᠨ ᠰᠠᠶᠢᠲᠤᠷ | ᠬᠢᠵᠦ᠂ ᠵᠢᠭᠤᠯᠴᠢᠯᠠᠭᠴᠢᠳ ᠢ ᠰᠡᠳᠬᠢᠯ ᠬᠠᠨᠤᠮᠵᠢᠲᠠᠶ ᠪᠠᠷ ᠢᠷᠡᠵᠦ᠂ ᠰᠡᠳᠬᠢᠯ ᠬᠠᠨᠤᠮᠵᠢᠲᠠᠶ ᠪᠠᠷ ᠵᠤᠭᠠᠴᠠᠨ᠂ | ᠰᠡᠳᠬᠢᠯ ᠬᠠᠨᠤᠮᠵᠢᠲᠠᠶ ᠪᠠᠷ ᠪᠤᠴᠠᠨ᠎ᠠ᠃ 2024 ᠣᠨ ᠳᠤ ᠲᠦᠴᠢᠦᠸᠠᠨ ᠰᠢᠶᠠᠨ ᠵᠤᠭᠠᠴᠠᠭᠰᠠᠳ ᠢ ᠨᠡᠶᠢᠲᠡ | 148.9 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠤᠭᠠᠴᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 10.4 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠤᠭᠠᠴᠠᠭᠰᠠᠳ ᠤᠨ ᠲᠤᠭ᠎ᠠ᠂ ᠣᠷᠣᠯᠭ᠎ᠠ ᠠᠳᠠᠯᠢ ᠬᠤᠭᠤᠴᠠᠭᠠᠨ ᠤ ᠬᠢ | ᠠᠴᠠ ᠴᠥᠮ 15 % ᠪᠠᠷ ᠨᠡᠮᠡᠭᠳᠡᠪᠡ᠃ | | ︽ᠡᠨᠡ ᠵᠢᠯ᠂ ᠲᠦᠴᠢᠦᠸᠠᠨ ᠰᠢᠶᠠᠨ ᠤᠯᠠᠨ ᠠᠴᠠ ᠬᠡᠲᠦᠶᠢᠳᠦᠭᠰᠡᠨ ᠪᠠᠶᠢᠭᠠᠯᠢ ᠶᠢᠨ ᠡᠬᠢ ᠪᠠᠶᠠᠯᠢᠭ ᠪᠣᠯᠤᠨ | ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠳᠤ ᠲᠦᠰᠢᠭᠯᠡᠵᠦ᠂ ᠡᠪᠦᠭᠡᠨ ᠠᠭᠤᠯᠠᠨ ᠤ ᠤᠢ ᠰᠢᠭᠤᠢ ᠶᠢᠨ | ᠠᠰᠠᠷᠠᠮᠵᠢ ᠶᠢᠨ ᠶᠡᠷᠦᠩᠬᠡᠶᠢᠯᠡᠭᠰᠡᠨ ᠴᠣᠭᠴᠠ᠂ ᠮᠢᠩ ᠰᠢᠩ ᠨᠠᠭᠤᠷ ᠤᠨ ᠵᠢᠭᠤᠯᠴᠢᠯᠠᠯ ᠠᠮᠠᠷᠠᠯᠲᠠ ᠶᠢᠨ ᠣᠷᠣᠨ | ᠪᠣᠯᠤᠨ ᠪᠤᠤ ᠱᠢ ᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠤᠷᠪᠠᠨ ᠶᠡᠭᠡ ᠦᠵᠡᠮᠵᠢ ᠶᠢᠨ ᠣᠷᠣᠨ | ᠤ ᠬᠥᠳᠡᠭᠡ ᠠᠵᠤ ᠠᠬᠤᠢ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠵᠢᠭᠤᠯᠴᠢᠯᠠᠯ ᠤᠨ ᠠᠵᠤ ᠦᠶᠯᠡᠰ ᠤᠨ | ᠪᠦᠲᠦᠴᠡ ᠶᠢ ᠰᠢᠯᠢᠳᠡᠭᠵᠢᠭᠦᠯᠵᠦ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠶᠯᠡᠳᠬᠦᠨ ᠤ | ᠬᠠᠩᠭᠠᠯᠭ᠎ᠠ ᠶᠢ ᠪᠠᠶᠠᠯᠢᠭᠵᠢᠭᠤᠯᠵᠤ᠂ ᠦᠶᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠵᠦ᠂ ᠲᠦᠴᠢᠦᠸᠠᠨ ᠰᠢᠶᠠᠨ ᠤ | ᠵᠢᠭᠤᠯᠴᠢᠯᠠᠯ ᠤᠨ ᠢᠷᠠᠭᠤ ᠠᠯᠳᠠᠷ ᠤᠨ ᠲᠠᠲᠠᠬᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠵᠢᠭᠤᠯᠴᠢᠯᠠᠭᠰᠠᠳ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠨᠡᠩ | ᠤᠯᠠᠨ ᠵᠤᠭᠠᠴᠠᠯ ᠤᠨ ᠰᠣᠳᠣᠨ ᠪᠦᠲᠦᠭᠡᠯ ᠢ ᠡᠭᠦᠳᠴᠦ᠂ ᠤᠯᠠᠨ ᠲᠦᠮᠡᠨ ᠤ ᠤᠯᠠᠨ ᠡᠰᠢᠵᠢᠭᠰᠡᠨ ᠵᠤᠭᠠᠴᠠᠯ ᠤᠨ | ᠬᠡᠷᠡᠭᠴᠡᠭᠡ ᠶᠢ ᠬᠠᠩᠭᠠᠵᠤ᠂ ᠲᠦᠴᠢᠦᠸᠠᠨ ᠰᠢᠶᠠᠨ ᠤ ᠵᠤᠭᠠᠴᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ | ᠦᠷ᠎ᠡ ᠠᠰᠢᠭ ᠢ ᠨᠡᠮᠡᠭᠳᠡᠭᠦᠯᠬᠦ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃︾ ᠭᠡᠵᠦ | ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠯᠢᠦ ᠮᠢᠶᠣᠣ | ᠮᠢᠶᠣᠣ ᠬᠡᠯᠡᠪᠡ᠃ |