ᠣᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ᠂ ᠣᠯᠠᠨ ᠨᠡᠶᠢᠲᠡ ᠶᠢᠨ ᠦᠶᠯᠡᠴᠢᠯᠡᠭᠡ᠂ ᠰᠣᠶᠣᠯ ᠤᠨ | ᠠᠵᠢᠯᠯᠠᠭ᠎ᠠ ᠵᠡᠷᠭᠡ ᠳᠤ ᠢᠳᠡᠪᠬᠢᠲᠡᠶ ᠣᠷᠣᠯᠴᠠᠬᠤ ᠶᠢ ᠤᠯᠠᠮ ᠨᠢᠭᠡ ᠠᠯᠬᠤᠮ ᠵᠤᠷᠢᠭᠵᠢᠭᠤᠯᠵᠤ᠂ ᠦᠨᠳᠦᠰᠦᠨ | ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠶᠢᠨ ᠲᠦᠯᠦᠭᠡ᠂ ᠰᠢᠤᠸᠠᠢ ᠲᠢᠶᠠᠨ ᠰᠢᠶᠠᠩ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠤᠪᠢ ᠬᠤᠷᠠᠮᠳᠤᠭᠤᠯᠬᠤ ᠲᠦᠷᠢᠮ ᠤᠨ ᠰᠣᠯᠢᠬᠤ ᠠᠵᠢᠯ ᠢ ᠢᠳᠡᠪᠬᠢᠲᠡᠶ ᠥᠷᠨᠢᠭᠦᠯᠪᠡ᠃ | ᠤᠢᠢᠷ᠎ᠠ ᠳᠤ᠂ ᠰᠢᠤᠸᠠᠢ ᠲᠢᠶᠠᠨ ᠰᠢᠶᠠᠩ ᠤᠨ ᠯᠢ ᠮᠢᠨ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ | ᠤ ᠲᠥᠪ ᠲᠤ ᠬᠥᠮᠦᠨ ᠬᠠᠷ᠎ᠠ ᠴᠤᠭᠯᠠᠷᠠᠵᠤ᠂ ᠤᠯᠠᠨ ᠢᠶᠠᠷ ᠢᠶᠠᠨ ᠪᠠᠶᠠᠷ ᠬᠦᠷ ᠲᠠᠢ ᠪᠠᠷ ᠪᠡᠯᠡᠭ ᠢᠶᠠᠨ ᠳᠡᠭᠦᠵᠢᠯᠡᠨ | ᠭᠡᠷ ᠲᠡᠭᠡᠨ ᠬᠠᠷᠢᠪᠠ᠂ ᠡᠨᠡ ᠪᠣᠯ ᠲᠣᠰᠬᠤᠨ ᠤ ᠠᠷᠠᠳ ᠤᠳ ᠲᠤ ︽ᠬᠤᠷᠠᠮᠳᠤᠯ ᠬᠤᠪᠢ︾ ᠰᠣᠯᠢᠵᠤ ᠥᠭᠴᠦ | ᠪᠠᠶᠢᠭ᠎ᠠ ᠪᠣᠳᠠᠰ ᠪᠣᠯᠤᠨ᠎ᠠ᠃ | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠣᠯᠠᠨ ᠲᠦᠮᠡᠨ ᠡᠷᠦᠬᠡ ᠪᠠᠷ ᠨᠢᠭᠡᠴᠢ ᠪᠣᠯᠭᠠᠨ᠂ ᠬᠤᠷᠠᠮᠳᠤᠯ | ᠬᠤᠪᠢ ᠶᠢ ᠰᠣᠯᠢᠵᠤ᠂ ᠬᠤᠷᠠᠮᠳᠤᠯ ᠬᠤᠪᠢ ᠶᠢ ᠣᠯᠠᠨ ᠲᠦᠮᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠰᠠᠶᠢᠨ ᠳᠤᠷ᠎ᠠ ᠶᠢᠨ ᠦᠶᠯᠡᠴᠢᠯᠡᠭᠡ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠠᠵᠢᠯᠯᠠᠭ᠎ᠠ ᠪᠠᠷ | ᠭᠤᠤᠯᠯᠠᠭᠤᠯᠤᠨ᠂ ᠬᠤᠷᠠᠮᠳᠤᠯ ᠬᠤᠪᠢ ᠨᠢ ᠬᠡᠳᠦᠶ ᠥᠨᠳᠥᠷ ᠪᠣᠯ ᠰᠣᠯᠢᠵᠤ ᠪᠣᠯᠬᠤ ᠡᠳ᠋ ᠪᠣᠳᠠᠰ ᠤᠨ ᠲᠤᠭ᠎ᠠ | ᠬᠡᠮᠵᠢᠶ᠎ᠡ ᠨᠢ ᠨᠠᠩ ᠣᠯᠠᠨ ᠪᠠᠶᠢᠳᠠᠭ᠂ ᠡᠲᠡᠭᠡᠷ ᠬᠤᠷᠠᠮᠳᠤᠯ ᠬᠤᠪᠢ ᠨᠢ ᠣᠯᠠᠨ ᠲᠦᠮᠡᠨ ᠤ ᠦᠨᠳᠦᠰᠦᠨ ᠱᠠᠲᠤᠨ ᠤ | ᠵᠠᠰᠠᠯᠲᠠ᠂ ᠰᠣᠶᠣᠯ ᠤᠨ ᠠᠵᠢᠯᠯᠠᠭ᠎ᠠ ᠳᠤ ᠣᠷᠣᠯᠴᠠᠭᠰᠠᠨ ᠭᠡᠷᠡᠴᠢ ᠪᠣᠯᠬᠤ ᠪᠥᠭᠡᠳ ᠪᠠᠰᠠ ᠴᠤ ᠲᠡᠳᠡᠨ ᠳᠤ | ᠦᠵᠡᠭᠦᠯᠦᠭᠰᠡᠨ ᠬᠤᠪᠢ ᠨᠡᠮᠡᠷᠢ ᠶᠢᠨ ᠬᠢᠨᠢ ᠮᠡᠳᠡᠷᠡᠮᠵᠢ ᠪᠣᠯᠤᠨ᠎ᠠ᠃ | | ︽ᠠᠵᠢᠯᠯᠠᠭ᠎ᠠ ᠥᠷᠨᠢᠭᠡᠳ ᠬᠡᠳᠦᠨ ᠵᠢᠯ ᠪᠣᠯᠵᠤ ᠪᠠᠶᠢᠨ᠎ᠠ᠂ ᠥᠨᠥᠳᠦᠷ ᠪᠢ ᠪᠠᠰᠠ ᠡᠳᠦᠷ ᠲᠤᠲᠤᠮ ᠤᠨ | ᠬᠡᠷᠡᠭᠰᠡᠯ ᠰᠤᠯᠢᠬᠤ ᠪᠠᠷ ᠢᠷᠡᠵᠡᠢ᠂ ᠳᠠᠷᠠᠭ᠎ᠠ ᠳᠤᠨᠢ ᠡᠨᠡ ᠲᠥᠷᠥ ᠶᠢᠨ ᠪᠣᠳᠣᠯᠭ᠎ᠠ ᠦᠨᠡᠨ ᠲᠤᠩ ᠰᠠᠶᠢᠨ᠂ ᠪᠢ | ᠶᠡᠷᠦᠳᠡᠭᠡᠨ ᠭᠡᠷ ᠲᠡᠭᠡᠨ ᠪᠠᠰᠠ ᠡᠳᠡᠭᠡᠷ ᠶᠠᠭᠤᠮ᠎ᠠ ᠪᠠᠷ ᠴᠡᠪᠡᠷᠯᠡᠭᠡ ᠬᠢᠵᠦ᠂ ᠭᠡᠷ ᠲᠡᠷᠭᠡ ᠪᠠᠨ ᠴᠡᠪᠡᠷᠯᠡᠨ᠎ᠡ᠂ ᠳᠠᠷᠠᠭ᠎ᠠ | ᠳᠤᠨᠢ ᠮᠢᠨᠦ ᠪᠣᠳᠣᠬᠤ ᠪᠠᠷ ᠡᠨᠡ ᠨᠢ ᠪᠢᠳᠡᠨ ᠢ ᠨᠠᠩ ᠬᠥᠳᠡᠯᠭᠡᠬᠦ ᠬᠦᠴᠦᠨ ᠲᠠᠢ ᠪᠣᠯᠭᠠᠵᠤ᠂ ᠡᠨᠡ ᠲᠣᠰᠬᠤᠨ ᠤ | ᠴᠡᠪᠡᠷ ᠲᠡᠭᠰᠢ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠳᠠᠷᠠᠭ᠎ᠠ ᠳᠤᠨᠢ ᠪᠦᠬᠦᠯᠢ ᠴᠣᠭᠴᠠ ᠨᠢ ᠪᠦᠷ ᠲᠤᠩ ᠰᠠᠶᠢᠨ︾ | ᠭᠡᠵᠦ ᠰᠢᠤᠸᠠᠢ ᠲᠢᠶᠠᠨ ᠰᠢᠶᠠᠩ ᠤᠨ ᠯᠢ ᠮᠢᠨ ᠲᠣᠰᠬᠤᠨ ᠤ ᠠᠷᠠᠳ ᠸᠠᠩ ᠪᠥᠸᠧ ᠸᠧᠨ ᠬᠡᠯᠡᠪᠡ᠃ | ︽ᠮᠠᠨ ᠤ ᠯᠢ ᠮᠢᠨ ᠲᠣᠰᠬᠤᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠤᠪᠢ | ᠬᠤᠷᠠᠮᠳᠤᠭᠤᠯᠬᠤ ᠲᠦᠷᠢᠮ ᠤᠨ ᠠᠵᠢᠯ ᠳᠤ ᠲᠣᠤᠷᠵᠢᠯ ᠢᠶᠠᠷ ᠨᠢᠭᠡᠴᠢ ᠪᠣᠯᠭᠠᠵᠤ᠂ ᠭᠤᠷᠪᠠᠨ ᠱᠠᠲᠤᠨ ᠤ ᠲᠣᠤᠷᠵᠢᠯ | ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠨ᠎ᠠ᠂ ᠡᠨᠡ ᠬᠦ ᠨᠠᠷᠢᠯᠢᠬᠵᠢᠭᠤᠯᠤᠭᠰᠠᠨ ᠬᠤᠪᠢ ᠴᠤᠭᠯᠠᠭᠤᠯᠬᠤ᠂ | ᠬᠠᠭᠤᠯᠪᠤᠷᠢᠯᠠᠯ ᠢ ᠬᠡᠮᠵᠢᠶᠡᠯᠡᠬᠦ᠂ ᠪᠠᠰᠠ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠮᠠᠨ ᠤ ᠡᠨᠡ ᠬᠦ ᠠᠵᠢᠯ ᠢ ᠭᠠᠷᠳᠠᠴᠠ ᠲᠠᠢ᠂ ᠨᠠᠩ ᠦᠷ᠎ᠡ ᠪᠦᠲᠦᠮᠵᠢᠲᠡᠶ ᠪᠣᠯᠭᠠᠪᠠ᠂ ᠣᠲᠣ ᠪᠢᠳᠡ | ᠬᠠᠮᠲᠤ ᠪᠠᠷ ᠤᠷᠤᠯᠴᠠᠭᠰᠠᠨ ᠡᠷᠦᠬᠡ 163 ᠡᠷᠦᠬᠡ ᠪᠠᠶᠢᠵᠦ᠂ ᠰᠠᠷ᠎ᠠ ᠪᠦᠷᠢ ᠨᠢᠭᠡ ᠤᠳᠠᠭ᠎ᠠ ᠦᠨᠡᠯᠡᠵᠦ᠂ ᠤᠯᠠᠷᠢᠯ | ᠪᠦᠷᠢ ᠨᠢᠭᠡ ᠤᠳᠠᠭ᠎ᠠ ᠬᠤᠪᠢ ᠰᠣᠯᠢᠬᠤ ᠪᠣᠯᠤᠨ᠎ᠠ᠃ 》 ᠭᠡᠵᠦ ᠰᠢᠤᠸᠠᠢ ᠲᠢᠶᠠᠨ ᠰᠢᠶᠠᠩ ᠤᠨ ᠯᠢ ᠮᠢᠨ ᠲᠣᠰᠬᠤᠨ | ᠤ ᠨᠠᠮ ᠤᠨ ᠡᠭᠦᠷ ᠤᠨ ᠱᠦᠵᠢ ᠦ᠋ ᠲᠢᠶᠠᠨ ᠢᠤᠢ ᠲᠠᠨᠢᠯᠴᠠᠭᠤᠯᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠪᠢ ᠬᠤᠷᠠᠮᠳᠤᠭᠤᠯᠬᠤ ᠲᠦᠷᠢᠮ ᠢᠶᠠᠷ ᠰᠣᠯᠢᠬᠤ | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠰᠢᠤᠸᠠᠢ ᠲᠢᠶᠠᠨ ᠰᠢᠶᠠᠩ ᠤᠨ ᠣᠯᠠᠨ ᠲᠦᠮᠡᠨ ᠡᠯ᠎ᠡ ᠵᠦᠶᠯ ᠤᠨ | ᠵᠠᠰᠠᠯᠲᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢᠯᠡᠳᠲᠡ | ᠰᠠᠶᠢᠵᠢᠷᠠᠵᠤ᠂ ᠪᠣᠯᠪᠠᠰᠤᠨ ᠬᠡᠪ ᠰᠤᠷᠲᠠᠯ ᠬᠡᠪ ᠵᠠᠩᠰᠢᠯ ᠪᠣᠯᠪᠠ᠃ | | ᠬᠤᠪᠢ ᠬᠤᠷᠠᠮᠳᠤᠭᠤᠯᠬᠤ ᠲᠦᠷᠢᠮ ᠢᠶᠠᠷ ᠰᠣᠯᠢᠬᠤ ᠠᠵᠢᠯᠯᠠᠭ᠎ᠠ ᠨᠢ ᠲᠡᠳᠡᠨ ᠳᠤ ᠦᠨᠡᠨ ᠪᠣᠳᠠᠲᠠᠶ ᠪᠣᠳᠠᠰ ᠤᠨ | ᠱᠠᠩᠨᠠᠯ ᠣᠯᠭᠤᠭᠰᠠᠨ ᠢᠶᠠᠷ ᠪᠠᠷᠠᠬᠤ ᠥᠬᠡᠶ᠂ ᠨᠠᠩ ᠴᠤ ᠲᠡᠳᠡᠨ ᠤ ᠬᠥᠳᠡᠭᠡ ᠲᠣᠰᠬᠤᠨ ᠤ ᠵᠠᠰᠠᠯᠲᠠ ᠳᠤ | ᠣᠷᠣᠯᠴᠠᠬᠤ ᠬᠠᠯᠠᠭᠤᠨ ᠰᠡᠳᠬᠢᠯᠭᠡ ᠪᠠ ᠪᠦᠲᠦᠭᠡᠯᠴᠢ ᠴᠢᠳᠠᠪᠤᠷᠢ ᠶᠢ ᠬᠥᠭᠵᠢᠭᠡᠵᠡᠶ᠃ ᠲᠠᠷᠠᠭᠠᠴᠢ ᠶᠢᠨ ᠠᠯᠬᠤᠮ ᠳᠤ | ᠂ ᠰᠢᠤᠸᠠᠢ ᠲᠢᠶᠠᠨ ᠰᠢᠶᠠᠩ ᠬᠤᠪᠢ ᠬᠤᠷᠠᠮᠳᠤᠭᠤᠯᠬᠤ ᠲᠦᠷᠢᠮ ᠤᠨ ᠬᠠᠮᠢᠶᠠᠷᠤᠯᠲᠠ ᠶᠢᠨ ᠵᠠᠭᠪᠤᠷ ᠤᠨ ᠬᠠᠶᠢᠨ | ᠰᠥᠪᠡᠭᠴᠢᠯᠡᠯᠲᠡ ᠪᠠ ᠦᠶᠯᠡᠳᠦᠯᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠪᠢ ᠬᠤᠷᠠᠮᠳᠤᠭᠤᠯᠬᠤ ᠲᠦᠷᠢᠮ | ᠤᠨ ᠰᠣᠯᠢᠬᠤ ᠠᠷᠭ᠎ᠠ ᠮᠠᠶ᠋ᠢᠭ ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠨᠠᠩ ᠣᠯᠠᠨ ᠡᠰᠢᠲᠦ ᠬᠡᠯᠪᠡᠷᠢ ᠪᠠᠷ | ᠬᠤᠪᠢ ᠬᠤᠷᠠᠮᠳᠤᠭᠤᠯᠬᠤ ᠠᠵᠢᠯᠯᠠᠭ᠎ᠠ ᠥᠷᠨᠢᠭᠦᠯᠦᠨ᠎ᠡ᠃ |