ᠱᠦᠢ ᠴᠢᠤᠸᠠᠨ ᠪᠠᠯᠭᠠᠰᠤ ᠲᠥᠬᠦᠭᠡᠷᠦᠮᠵᠢᠲᠦ ᠲᠠᠷᠢᠶᠠᠯᠠᠩ ᠢᠶᠠᠷ ᠣᠷᠣᠯᠭ᠎ᠠ ᠶᠢ ᠨᠡᠮᠡᠭᠳᠡᠭᠦᠯᠵᠦ ᠬᠦᠷᠢᠶ᠎ᠡ ᠬᠠᠰᠢᠶᠠᠨ ᠤ ᠠᠵᠤ ᠠᠬᠤᠢ ᠭᠤᠶᠤ ᠦᠵᠡᠮᠵᠢ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2025/4/22
   ᠱᠧᠩ ᠵᠢᠦ ᠲᠣᠰᠬᠤᠨ ᠤ ᠭᠦᠸᠧ ᠮᠢᠩ ᠬᠤᠸᠠ ᠶᠢᠨ ᠭᠡᠷ ᠲᠤ ᠬᠦᠷᠬᠦ ᠳᠤ᠂ ᠬᠦᠢᠳᠡᠨ ᠬᠦᠯᠡᠮᠵᠢ ᠰᠦᠨᠳᠡᠷᠯᠡᠨ ᠪᠣᠰᠴᠤ᠂ ᠲᠠᠷᠢ ᠲᠡᠭᠰᠢ ᠵᠢᠭᠰᠠᠵᠤ᠂ ᠨᠢᠭᠡ ᠭᠡᠷ ᠢᠶᠠᠷ ᠢᠶᠠᠨ ᠠᠵᠢᠯ ᠤᠨ ᠬᠤᠪᠢᠶᠠᠷᠢᠯᠠᠯ ᠡᠮᠬᠢ ᠳᠢᠭᠯᠢᠮ ᠲᠠᠢ᠂ ᠵᠠᠷᠢᠮ  ᠨᠢ ᠬᠡᠮᠵᠢᠶ᠎ᠡ ᠪᠠᠨ ᠬᠡᠮᠵᠢᠵᠦ᠂ ᠵᠠᠷᠢᠮ ᠨᠢ ᠭᠠᠩᠨᠠᠨ ᠵᠠᠯᠭᠠᠵᠤ᠂ ᠵᠠᠷᠢᠮ ᠨᠢ ᠠᠴᠢᠵᠤ ᠪᠠᠭᠤᠯᠭᠠᠵᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃
   ᠱᠦᠢ ᠴᠢᠤᠸᠠᠨ ᠪᠠᠯᠭᠠᠰᠤ ᠬᠥᠳᠡᠭᠡ ᠠᠵᠤ ᠠᠬᠤᠢ ᠪᠠᠷ ᠲᠣᠰᠬᠤᠨ ᠢᠶᠠᠨ ᠬᠥᠭᠵᠢᠭᠦᠯᠬᠦ ᠰᠡᠳᠬᠢᠴᠡ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠪᠣᠯᠤᠨ ᠬᠥᠭᠵᠢᠯᠲᠡ ᠶᠢᠨ ᠰᠠᠭᠤᠷᠢ ᠳᠠᠭᠠᠨ ᠰᠠᠭᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ  ᠶᠢ ᠡᠵᠡᠮᠳᠡᠵᠦ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠲᠣᠭᠤᠷᠢᠨ ᠳᠤ᠂ ᠲᠦᠬᠦᠭᠡᠷᠤᠮᠵᠢᠳᠤ ᠬᠥᠳᠡᠭᠡ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠤᠯᠠᠨ ᠲᠠᠯ᠎ᠠ ᠪᠠᠷ ᠵᠣᠬᠢᠴᠠᠭᠤᠯᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠᠷ ᠳᠠᠮᠵᠢᠨ᠂ ᠤᠬᠠᠭᠤᠯᠭ᠎ᠠ ᠪᠠᠨ ᠴᠢᠩᠭᠠᠳᠬᠠᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠦᠢᠳᠡᠨ ᠬᠦᠯᠡᠮᠵᠢ ᠶᠢᠨ ᠲᠠᠷᠢᠮᠠᠯ ᠲᠠᠷᠢᠬᠤ ᠳᠤ ᠦᠢᠯᠡᠴᠢᠯᠡᠬᠦ ᠶᠢ ᠴᠢᠩᠭᠠᠳᠬᠠᠵᠤ᠂ ᠤᠯᠠᠮ ᠠᠴᠠ ᠤᠯᠠᠨ ᠲᠠᠷᠢᠶᠠᠴᠢᠨ ᠡᠷᠦᠬᠡ ᠠᠰᠢᠭ ᠬᠦᠷᠳᠡᠬᠦ ᠪᠣᠯᠪᠠ᠃    ᠬᠠᠪᠤᠷ ᠤᠨ ᠤᠯᠠᠷᠢᠯ ᠳᠤ᠂ ᠲᠤᠸᠠᠨ ᠵᠢᠶᠧ ᠲᠣᠰᠬᠤᠨ ᠤ ᠵᠧᠦ ᠬᠤᠩ ᠵᠢᠶᠦ᠋ᠨ ᠶᠠᠭ ᠰᠠᠶᠢᠬᠠᠨ ᠥᠪᠡᠷ ᠤᠨ ᠬᠦᠶᠲᠡᠨ ᠰᠠᠷᠠᠪᠴᠢ ᠪᠠᠨ ᠲᠡᠭᠰᠢᠯᠡᠵᠦ᠂ ᠦᠷ᠎ᠡ ᠰᠠᠴᠤᠨ ᠨᠣᠭᠤᠭ᠎ᠠ ᠳᠠᠷᠢᠵᠤ ᠶᠠᠭᠠᠷᠠᠨ᠂ ᠰᠠᠷᠠᠪᠴᠢᠨ ᠤ ᠬᠠᠵᠠᠭᠤᠳᠠᠬᠢ ᠠᠮᠧᠷᠢᠺᠠ ᠲᠢᠪ ᠤᠨ ᠭᠠᠯᠠᠭᠤ ᠢᠳᠡᠰᠢ ᠲᠣᠩᠰᠢᠵᠤ ᠪᠠᠶᠢᠯ᠎ᠠ᠃
   ︽ᠨᠢᠳᠤᠨᠤᠨ ᠮᠠᠨ ᠤ ᠬᠢᠨ ᠠᠮᠧᠷᠢᠺᠠ ᠲᠢᠪ ᠤᠨ ᠭᠠᠯᠠᠭᠤ ᠲᠡᠵᠢᠭᠡᠵᠦ᠂ ᠨᠣᠭᠤᠭ᠎ᠠ ᠲᠠᠷᠢᠭᠠᠳ 1500 ᠭᠠᠷᠤᠢ ᠲᠥᠭᠦᠷᠢᠭ ᠣᠯᠵᠠᠢ᠂ ᠡᠨᠡ ᠵᠢᠯ ᠪᠢᠳᠡ ᠬᠤᠶᠠᠭᠤᠯᠠ ᠡᠷᠴᠢ ᠵᠣᠷᠢᠭ ᠲᠡᠭᠦᠯᠳᠡᠷ ᠪᠠᠶᠢᠵᠤ᠂ ᠦᠷᠭᠦᠯᠵᠢᠯᠡᠨ ᠦᠨᠦᠷᠲᠦ ᠨᠣᠭᠤᠭ᠎ᠠ᠂ ᠭᠤᠭᠤᠳ᠂ ᠰᠣᠩᠭᠢᠨ᠎ᠠ᠂ ᠴᠤᠭᠤᠷ ᠨᠣᠭᠤᠭ᠎ᠠ ᠵᠡᠷᠭᠡ ᠰᠠᠶᠢᠨ ᠬᠤᠳᠠᠯᠳᠤᠬᠤ ᠨᠤᠭᠤᠭ᠎ᠠ ᠲᠠᠷᠢᠬᠤ ᠪᠠᠷ ᠲᠥᠯᠥᠪᠯᠡᠵᠦ ᠪᠠᠶᠢᠨ᠎ᠠ᠃︾ ᠭᠡᠵᠦ ᠵᠧᠦ ᠬᠤᠩ ᠵᠢᠶᠦ᠋ᠨ ᠢᠨᠢᠶᠡᠮᠰᠦᠭᠯᠡᠨ ᠬᠡᠯᠡᠪᠡ᠃    ᠱᠦᠶ ᠴᠢᠤᠸᠠᠨ ᠪᠠᠯᠭᠠᠰᠤ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ︽ᠪᠠᠭ᠎ᠠ ᠬᠡᠪᠴᠢᠶ᠎ᠡ᠂ ᠶᠡᠭᠡ ᠰᠦᠷᠦᠭᠵᠢᠯ᠂ ᠪᠠᠭ᠎ᠠ ᠥᠪᠡᠷ ᠤᠨ ᠦᠷᠳᠡᠭ᠂ ᠶᠡᠭᠡ ᠰᠡᠳᠬᠢᠴᠡ︾ ᠶᠢᠨ ᠬᠥᠭᠵᠢᠯᠲᠡ ᠶᠢᠨ ᠬᠡᠪ ᠵᠠᠭᠪᠤᠷ ᠪᠠᠷ ᠲᠠᠷᠢᠶᠠᠴᠢᠨ ᠠᠶᠢᠯ ᠤᠨ ᠬᠦᠷᠢᠶᠡᠨ ᠤ ᠡᠮᠦᠨ᠎ᠡ ᠬᠤᠶᠢᠨ᠎ᠠ ᠰᠤᠯᠠ ᠪᠠᠶᠢᠭ᠎ᠠ ᠭᠠᠵᠠᠷ ᠢ ᠭᠦᠶᠴᠡᠳ ᠠᠰᠢᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠡᠳᠬᠦᠬᠦ ᠪᠡᠯᠡ ᠮᠥᠩᠭᠦ ᠶᠢ ᠰᠠᠶᠢᠲᠤᠷ ᠬᠡᠷᠡᠭᠯᠡᠨ᠂ ᠨᠢᠭᠡᠳᠦᠯᠲᠡᠶ ᠲᠥᠯᠥᠪᠵᠢᠭᠦᠯᠭᠡ ᠶᠢ ᠬᠡᠷᠡᠭᠵᠢᠭᠦᠯᠬᠦ᠂ ᠨᠢᠭᠡᠳᠦᠯᠲᠡᠶ ᠬᠡᠷᠡᠭᠵᠢᠭᠦᠯᠵᠦ᠂ ︽ᠲᠥᠪᠯᠡᠷᠡᠵᠦ ᠵᠠᠯᠭᠠᠯᠳᠤᠬᠤ ᠪᠦᠬᠦ ᠲᠤᠰᠬᠤᠨ ᠢᠶᠠᠷ ᠨᠢ ᠠᠬᠢᠭᠤᠯᠬᠤ︾ ᠪᠠᠷ ᠳᠠᠮᠵᠢᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠠᠷᠭ᠎ᠠ ᠮᠠᠶ᠋ᠢᠭ ᠢ ᠠᠪᠴᠤ᠂ ︽ᠲᠠᠷᠢᠬᠤ ᠳᠤ ᠲᠣᠬᠢᠷᠠᠮᠵᠢᠲᠠᠶ ᠪᠣᠯ ᠲᠠᠷᠢᠨ᠎ᠠ᠂ ᠲᠡᠵᠢᠭᠡᠬᠦ ᠳᠤ ᠲᠣᠬᠢᠷᠠᠮᠵᠢᠲᠠᠶ ᠪᠣᠯ ᠲᠡᠵᠢᠭᠡᠬᠦ᠂ ᠬᠤᠳᠠᠯᠳᠤᠭ᠎ᠠ ᠡᠷᠬᠢᠯᠡᠬᠦ ᠳᠤ ᠲᠣᠬᠢᠷᠠᠮᠵᠢᠲᠠᠢ ᠪᠣᠯ ᠬᠤᠳᠠᠯᠳᠤᠭ᠎ᠠ ᠡᠷᠬᠢᠯᠡᠬᠦ︾ ᠵᠠᠷᠴᠢᠮ ᠪᠠᠷ᠂ ︽ᠬᠦᠷᠢᠶ᠎ᠡ ᠬᠠᠰᠢᠶ᠎ᠠ + ᠲᠠᠷᠢᠵᠤ ᠲᠡᠵᠢᠭᠡᠬᠦ︾ ᠠᠵᠤ ᠠᠬᠤᠢ ᠶᠢᠨ ᠵᠠᠭᠪᠤᠷ ᠢ ᠪᠤᠢ ᠪᠤᠯᠭᠠᠵᠤ᠂ ᠡᠷᠦᠭᠡ ᠪᠠᠷ ᠨᠢ ᠠᠷᠭ᠎ᠠ ᠪᠤᠳᠦᠬᠤ᠂ ᠠᠮᠧᠷᠢᠺᠠ ᠲᠢᠪ ᠤᠨ ᠭᠠᠯᠠᠭᠤ ᠶᠢ ᠲᠡᠵᠢᠭᠡᠨ ᠦᠷᠡᠵᠢᠭᠦᠯᠬᠦ ᠵᠢᠴᠢ ᠬᠦᠢᠲᠡᠨ ᠬᠦᠯᠡᠮᠵᠢ ᠳᠤ ᠲᠣᠣᠷᠯᠢᠭ ᠠᠷᠲᠤ ᠬᠡᠮᠬᠡ᠂ ᠤᠯᠠᠭᠠᠨ ᠯᠠᠵᠤᠤ᠂ ᠪᠣᠷᠣ ᠰᠠᠷᠢᠮᠰᠠᠭ ᠵᠡᠷᠭᠡ ᠶᠢ ᠲᠠᠷᠢᠵᠦ᠂ 13 ᠲᠣᠰᠬᠤᠨ ᠤ 1673 ᠡᠷᠦᠬᠡ ᠶᠢ ᠬᠠᠮᠤᠷᠪᠠ᠃
   ᠣᠳᠣᠬᠠᠨ ᠳᠤ ᠲᠠᠷᠢᠶᠠᠴᠢᠨ ᠠᠶᠢᠯ ᠤᠨ ᠪᠠᠭ᠎ᠠ ᠬᠦᠷᠢᠶ᠎ᠡ ᠶᠡᠭᠡ ᠪᠠᠷ ᠬᠤᠪᠢᠷᠠᠵᠤ᠂ ᠬᠦᠯᠡᠮᠵᠢ ᠳᠤ ᠵᠢᠯ ᠤᠨ ᠲᠦᠷᠪᠡᠨ ᠤᠯᠠᠷᠢᠯ ᠳᠤ ᠨᠣᠭᠤᠭᠠᠷᠠᠵᠤ᠂ ᠭᠤᠸᠠ ᠵᠢᠮᠢᠰ ᠤᠨ ᠦᠨᠦᠷ ᠬᠠᠩᠬᠤᠯᠵᠤ᠂ ᠲᠠᠬᠢᠶ᠎ᠠ᠂ ᠭᠠᠭ᠋ᠠᠢ᠂ ᠬᠤᠨᠢ᠂ ᠦᠬᠡᠷ ᠵᠡᠷᠭᠡ ᠬᠠᠰᠢᠶ᠎ᠠ ᠰᠠᠷᠠᠪᠴᠢ ᠵᠢᠭᠳᠡ ᠪᠣᠯᠵᠠᠢ᠃ ᠬᠦᠷᠢᠶ᠎ᠡ ᠬᠠᠰᠢᠶᠠᠨ ᠤ ᠠᠵᠤ ᠠᠬᠤᠶ ᠨᠢ ᠲᠣᠰᠬᠤᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠢᠶᠠᠷ ᠪᠠᠷᠠᠬᠤ ᠥᠬᠡᠶ ᠪᠠᠰᠠ ᠲᠣᠰᠬᠤᠨ ᠤ ᠠᠷᠠᠳ  ᠤᠨ ᠣᠷᠣᠯᠭ᠎ᠠ ᠶᠢ ᠨᠡᠮᠡᠭᠳᠡᠭᠦᠯᠵᠦ᠂ ᠠᠵᠤ ᠠᠬᠤᠶ ᠠᠮᠢ ᠠᠬᠤᠶ ᠶᠢᠨ ᠬᠤᠤᠰ ᠠᠰᠢᠭ ᠣᠷᠣᠯᠭ᠎ᠠ ᠶᠢ ᠪᠡᠶᠡᠯᠡᠭᠦᠯᠪᠡ᠃    ᠱᠦᠢ ᠴᠢᠤᠸᠠᠨ ᠪᠠᠯᠭᠠᠰᠤᠨ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠶᠠᠭ ᠨᠢᠭᠡ ᠨᠢᠭᠡ ᠲᠠᠷᠢᠶᠠᠴᠢᠨ ᠠᠶᠢᠯ ᠤᠨ ᠬᠦᠷᠢᠶ᠎ᠡ ᠪᠠᠷ ᠲᠠᠮᠵᠢᠨ᠂ ᠣᠨᠳᠣᠣ ᠲᠠᠲᠠᠬᠤ ᠬᠦᠴᠦᠨ ᠲᠠᠢ ᠪᠤᠯᠵᠤ᠂ ᠵᠢᠵᠢᠭ ᠬᠦᠷᠢᠶ᠎ᠡ ᠶᠠᠭ ᠰᠠᠶᠢᠬᠠᠨ ᠶᠡᠭᠡ ᠭᠤᠶᠢᠳᠠ ᠰᠠᠶᠢᠬᠠᠨ ᠢ ᠡᠭᠦᠳᠴᠦ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号