ᠱᠧᠩ ᠵᠢᠦ ᠲᠣᠰᠬᠤᠨ ᠤ ᠭᠦᠸᠧ ᠮᠢᠩ ᠬᠤᠸᠠ ᠶᠢᠨ ᠭᠡᠷ ᠲᠤ ᠬᠦᠷᠬᠦ ᠳᠤ᠂ ᠬᠦᠢᠳᠡᠨ ᠬᠦᠯᠡᠮᠵᠢ ᠰᠦᠨᠳᠡᠷᠯᠡᠨ | ᠪᠣᠰᠴᠤ᠂ ᠲᠠᠷᠢ ᠲᠡᠭᠰᠢ ᠵᠢᠭᠰᠠᠵᠤ᠂ ᠨᠢᠭᠡ ᠭᠡᠷ ᠢᠶᠠᠷ ᠢᠶᠠᠨ ᠠᠵᠢᠯ ᠤᠨ ᠬᠤᠪᠢᠶᠠᠷᠢᠯᠠᠯ ᠡᠮᠬᠢ ᠳᠢᠭᠯᠢᠮ ᠲᠠᠢ᠂ ᠵᠠᠷᠢᠮ | ᠨᠢ ᠬᠡᠮᠵᠢᠶ᠎ᠡ ᠪᠠᠨ ᠬᠡᠮᠵᠢᠵᠦ᠂ ᠵᠠᠷᠢᠮ ᠨᠢ ᠭᠠᠩᠨᠠᠨ ᠵᠠᠯᠭᠠᠵᠤ᠂ ᠵᠠᠷᠢᠮ ᠨᠢ ᠠᠴᠢᠵᠤ ᠪᠠᠭᠤᠯᠭᠠᠵᠤ᠂ ᠲᠤᠬᠠᠢ ᠶᠢᠨ | ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ | | ᠱᠦᠢ ᠴᠢᠤᠸᠠᠨ ᠪᠠᠯᠭᠠᠰᠤ ᠬᠥᠳᠡᠭᠡ ᠠᠵᠤ ᠠᠬᠤᠢ ᠪᠠᠷ ᠲᠣᠰᠬᠤᠨ ᠢᠶᠠᠨ ᠬᠥᠭᠵᠢᠭᠦᠯᠬᠦ ᠰᠡᠳᠬᠢᠴᠡ ᠶᠢ | ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠪᠣᠯᠤᠨ ᠬᠥᠭᠵᠢᠯᠲᠡ ᠶᠢᠨ ᠰᠠᠭᠤᠷᠢ ᠳᠠᠭᠠᠨ ᠰᠠᠭᠤᠷᠢᠯᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ | ᠬᠤᠭᠤᠴᠠᠭ᠎ᠠ ᠶᠢ ᠡᠵᠡᠮᠳᠡᠵᠦ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠲᠣᠭᠤᠷᠢᠨ ᠳᠤ᠂ ᠲᠦᠬᠦᠭᠡᠷᠤᠮᠵᠢᠳᠤ | ᠬᠥᠳᠡᠭᠡ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠤᠯᠠᠨ ᠲᠠᠯ᠎ᠠ ᠪᠠᠷ | ᠵᠣᠬᠢᠴᠠᠭᠤᠯᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠᠷ ᠳᠠᠮᠵᠢᠨ᠂ ᠤᠬᠠᠭᠤᠯᠭ᠎ᠠ ᠪᠠᠨ ᠴᠢᠩᠭᠠᠳᠬᠠᠵᠤ᠂ | ᠬᠦᠷᠢᠶ᠎ᠡ ᠬᠠᠰᠢᠶᠠᠨ ᠤ ᠠᠵᠤ ᠠᠬᠤᠢ ᠶᠢᠨ ᠬᠦᠢᠳᠡᠨ ᠬᠦᠯᠡᠮᠵᠢ ᠶᠢᠨ ᠲᠠᠷᠢᠮᠠᠯ ᠲᠠᠷᠢᠬᠤ ᠳᠤ ᠦᠢᠯᠡᠴᠢᠯᠡᠬᠦ ᠶᠢ | ᠴᠢᠩᠭᠠᠳᠬᠠᠵᠤ᠂ ᠤᠯᠠᠮ ᠠᠴᠠ ᠤᠯᠠᠨ ᠲᠠᠷᠢᠶᠠᠴᠢᠨ ᠡᠷᠦᠬᠡ ᠠᠰᠢᠭ ᠬᠦᠷᠳᠡᠬᠦ ᠪᠣᠯᠪᠠ᠃ | ᠬᠠᠪᠤᠷ ᠤᠨ ᠤᠯᠠᠷᠢᠯ ᠳᠤ᠂ ᠲᠤᠸᠠᠨ ᠵᠢᠶᠧ ᠲᠣᠰᠬᠤᠨ ᠤ ᠵᠧᠦ ᠬᠤᠩ ᠵᠢᠶᠦ᠋ᠨ ᠶᠠᠭ ᠰᠠᠶᠢᠬᠠᠨ ᠥᠪᠡᠷ ᠤᠨ | ᠬᠦᠶᠲᠡᠨ ᠰᠠᠷᠠᠪᠴᠢ ᠪᠠᠨ ᠲᠡᠭᠰᠢᠯᠡᠵᠦ᠂ ᠦᠷ᠎ᠡ ᠰᠠᠴᠤᠨ ᠨᠣᠭᠤᠭ᠎ᠠ ᠳᠠᠷᠢᠵᠤ ᠶᠠᠭᠠᠷᠠᠨ᠂ ᠰᠠᠷᠠᠪᠴᠢᠨ ᠤ | ᠬᠠᠵᠠᠭᠤᠳᠠᠬᠢ ᠠᠮᠧᠷᠢᠺᠠ ᠲᠢᠪ ᠤᠨ ᠭᠠᠯᠠᠭᠤ ᠢᠳᠡᠰᠢ ᠲᠣᠩᠰᠢᠵᠤ ᠪᠠᠶᠢᠯ᠎ᠠ᠃ | | ︽ᠨᠢᠳᠤᠨᠤᠨ ᠮᠠᠨ ᠤ ᠬᠢᠨ ᠠᠮᠧᠷᠢᠺᠠ ᠲᠢᠪ ᠤᠨ ᠭᠠᠯᠠᠭᠤ ᠲᠡᠵᠢᠭᠡᠵᠦ᠂ ᠨᠣᠭᠤᠭ᠎ᠠ ᠲᠠᠷᠢᠭᠠᠳ 1500 | ᠭᠠᠷᠤᠢ ᠲᠥᠭᠦᠷᠢᠭ ᠣᠯᠵᠠᠢ᠂ ᠡᠨᠡ ᠵᠢᠯ ᠪᠢᠳᠡ ᠬᠤᠶᠠᠭᠤᠯᠠ ᠡᠷᠴᠢ ᠵᠣᠷᠢᠭ ᠲᠡᠭᠦᠯᠳᠡᠷ ᠪᠠᠶᠢᠵᠤ᠂ ᠦᠷᠭᠦᠯᠵᠢᠯᠡᠨ | ᠦᠨᠦᠷᠲᠦ ᠨᠣᠭᠤᠭ᠎ᠠ᠂ ᠭᠤᠭᠤᠳ᠂ ᠰᠣᠩᠭᠢᠨ᠎ᠠ᠂ ᠴᠤᠭᠤᠷ ᠨᠣᠭᠤᠭ᠎ᠠ ᠵᠡᠷᠭᠡ ᠰᠠᠶᠢᠨ ᠬᠤᠳᠠᠯᠳᠤᠬᠤ ᠨᠤᠭᠤᠭ᠎ᠠ | ᠲᠠᠷᠢᠬᠤ ᠪᠠᠷ ᠲᠥᠯᠥᠪᠯᠡᠵᠦ ᠪᠠᠶᠢᠨ᠎ᠠ᠃︾ ᠭᠡᠵᠦ ᠵᠧᠦ ᠬᠤᠩ ᠵᠢᠶᠦ᠋ᠨ ᠢᠨᠢᠶᠡᠮᠰᠦᠭᠯᠡᠨ ᠬᠡᠯᠡᠪᠡ᠃ | ᠱᠦᠶ ᠴᠢᠤᠸᠠᠨ ᠪᠠᠯᠭᠠᠰᠤ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ︽ᠪᠠᠭ᠎ᠠ ᠬᠡᠪᠴᠢᠶ᠎ᠡ᠂ ᠶᠡᠭᠡ | ᠰᠦᠷᠦᠭᠵᠢᠯ᠂ ᠪᠠᠭ᠎ᠠ ᠥᠪᠡᠷ ᠤᠨ ᠦᠷᠳᠡᠭ᠂ ᠶᠡᠭᠡ ᠰᠡᠳᠬᠢᠴᠡ︾ ᠶᠢᠨ ᠬᠥᠭᠵᠢᠯᠲᠡ ᠶᠢᠨ ᠬᠡᠪ ᠵᠠᠭᠪᠤᠷ ᠪᠠᠷ | ᠲᠠᠷᠢᠶᠠᠴᠢᠨ ᠠᠶᠢᠯ ᠤᠨ ᠬᠦᠷᠢᠶᠡᠨ ᠤ ᠡᠮᠦᠨ᠎ᠡ ᠬᠤᠶᠢᠨ᠎ᠠ ᠰᠤᠯᠠ ᠪᠠᠶᠢᠭ᠎ᠠ ᠭᠠᠵᠠᠷ ᠢ ᠭᠦᠶᠴᠡᠳ ᠠᠰᠢᠭᠯᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠡᠳᠬᠦᠬᠦ ᠪᠡᠯᠡ ᠮᠥᠩᠭᠦ ᠶᠢ ᠰᠠᠶᠢᠲᠤᠷ ᠬᠡᠷᠡᠭᠯᠡᠨ᠂ | ᠨᠢᠭᠡᠳᠦᠯᠲᠡᠶ ᠲᠥᠯᠥᠪᠵᠢᠭᠦᠯᠭᠡ ᠶᠢ ᠬᠡᠷᠡᠭᠵᠢᠭᠦᠯᠬᠦ᠂ ᠨᠢᠭᠡᠳᠦᠯᠲᠡᠶ ᠬᠡᠷᠡᠭᠵᠢᠭᠦᠯᠵᠦ᠂ ︽ᠲᠥᠪᠯᠡᠷᠡᠵᠦ ᠵᠠᠯᠭᠠᠯᠳᠤᠬᠤ | ᠪᠦᠬᠦ ᠲᠤᠰᠬᠤᠨ ᠢᠶᠠᠷ ᠨᠢ ᠠᠬᠢᠭᠤᠯᠬᠤ︾ ᠪᠠᠷ ᠳᠠᠮᠵᠢᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ | ᠠᠷᠭ᠎ᠠ ᠮᠠᠶ᠋ᠢᠭ ᠢ ᠠᠪᠴᠤ᠂ ︽ᠲᠠᠷᠢᠬᠤ ᠳᠤ ᠲᠣᠬᠢᠷᠠᠮᠵᠢᠲᠠᠶ ᠪᠣᠯ ᠲᠠᠷᠢᠨ᠎ᠠ᠂ ᠲᠡᠵᠢᠭᠡᠬᠦ ᠳᠤ ᠲᠣᠬᠢᠷᠠᠮᠵᠢᠲᠠᠶ ᠪᠣᠯ | ᠲᠡᠵᠢᠭᠡᠬᠦ᠂ ᠬᠤᠳᠠᠯᠳᠤᠭ᠎ᠠ ᠡᠷᠬᠢᠯᠡᠬᠦ ᠳᠤ ᠲᠣᠬᠢᠷᠠᠮᠵᠢᠲᠠᠢ ᠪᠣᠯ ᠬᠤᠳᠠᠯᠳᠤᠭ᠎ᠠ ᠡᠷᠬᠢᠯᠡᠬᠦ︾ ᠵᠠᠷᠴᠢᠮ ᠪᠠᠷ᠂ ︽ᠬᠦᠷᠢᠶ᠎ᠡ | ᠬᠠᠰᠢᠶ᠎ᠠ + ᠲᠠᠷᠢᠵᠤ ᠲᠡᠵᠢᠭᠡᠬᠦ︾ ᠠᠵᠤ ᠠᠬᠤᠢ ᠶᠢᠨ ᠵᠠᠭᠪᠤᠷ ᠢ ᠪᠤᠢ ᠪᠤᠯᠭᠠᠵᠤ᠂ ᠡᠷᠦᠭᠡ ᠪᠠᠷ ᠨᠢ ᠠᠷᠭ᠎ᠠ | ᠪᠤᠳᠦᠬᠤ᠂ ᠠᠮᠧᠷᠢᠺᠠ ᠲᠢᠪ ᠤᠨ ᠭᠠᠯᠠᠭᠤ ᠶᠢ ᠲᠡᠵᠢᠭᠡᠨ ᠦᠷᠡᠵᠢᠭᠦᠯᠬᠦ ᠵᠢᠴᠢ ᠬᠦᠢᠲᠡᠨ ᠬᠦᠯᠡᠮᠵᠢ ᠳᠤ ᠲᠣᠣᠷᠯᠢᠭ | ᠠᠷᠲᠤ ᠬᠡᠮᠬᠡ᠂ ᠤᠯᠠᠭᠠᠨ ᠯᠠᠵᠤᠤ᠂ ᠪᠣᠷᠣ ᠰᠠᠷᠢᠮᠰᠠᠭ ᠵᠡᠷᠭᠡ ᠶᠢ ᠲᠠᠷᠢᠵᠦ᠂ 13 ᠲᠣᠰᠬᠤᠨ ᠤ 1673 ᠡᠷᠦᠬᠡ ᠶᠢ | ᠬᠠᠮᠤᠷᠪᠠ᠃ | | ᠣᠳᠣᠬᠠᠨ ᠳᠤ ᠲᠠᠷᠢᠶᠠᠴᠢᠨ ᠠᠶᠢᠯ ᠤᠨ ᠪᠠᠭ᠎ᠠ ᠬᠦᠷᠢᠶ᠎ᠡ ᠶᠡᠭᠡ ᠪᠠᠷ ᠬᠤᠪᠢᠷᠠᠵᠤ᠂ ᠬᠦᠯᠡᠮᠵᠢ ᠳᠤ ᠵᠢᠯ ᠤᠨ | ᠲᠦᠷᠪᠡᠨ ᠤᠯᠠᠷᠢᠯ ᠳᠤ ᠨᠣᠭᠤᠭᠠᠷᠠᠵᠤ᠂ ᠭᠤᠸ᠎ᠠ ᠵᠢᠮᠢᠰ ᠤᠨ ᠦᠨᠦᠷ ᠬᠠᠩᠬᠤᠯᠵᠤ᠂ ᠲᠠᠬᠢᠶ᠎ᠠ᠂ ᠭᠠᠭ᠋ᠠᠢ᠂ ᠬᠤᠨᠢ᠂ | ᠦᠬᠡᠷ ᠵᠡᠷᠭᠡ ᠬᠠᠰᠢᠶ᠎ᠠ ᠰᠠᠷᠠᠪᠴᠢ ᠵᠢᠭᠳᠡ ᠪᠣᠯᠵᠠᠢ᠃ ᠬᠦᠷᠢᠶ᠎ᠡ ᠬᠠᠰᠢᠶᠠᠨ ᠤ ᠠᠵᠤ ᠠᠬᠤᠶ ᠨᠢ ᠲᠣᠰᠬᠤᠨ ᠤ | ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠢᠶᠠᠷ ᠪᠠᠷᠠᠬᠤ ᠥᠬᠡᠶ ᠪᠠᠰᠠ ᠲᠣᠰᠬᠤᠨ ᠤ | ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠠᠵᠤ ᠠᠬᠤᠶ ᠠᠮᠢ ᠠᠬᠤᠶ ᠶᠢᠨ ᠬᠤᠤᠰ ᠠᠰᠢᠭ ᠣᠷᠣᠯᠭ᠎ᠠ ᠶᠢ | ᠪᠡᠶᠡᠯᠡᠭᠦᠯᠪᠡ᠃ | ᠱᠦᠢ ᠴᠢᠤᠸᠠᠨ ᠪᠠᠯᠭᠠᠰᠤᠨ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠶᠠᠭ ᠨᠢᠭᠡ ᠨᠢᠭᠡ | ᠲᠠᠷᠢᠶᠠᠴᠢᠨ ᠠᠶᠢᠯ ᠤᠨ ᠬᠦᠷᠢᠶ᠎ᠡ ᠪᠠᠷ ᠲᠠᠮᠵᠢᠨ᠂ ᠣᠨᠳᠣᠣ ᠲᠠᠲᠠᠬᠤ ᠬᠦᠴᠦᠨ ᠲᠠᠢ ᠪᠤᠯᠵᠤ᠂ ᠵᠢᠵᠢᠭ ᠬᠦᠷᠢᠶ᠎ᠡ ᠶᠠᠭ | ᠰᠠᠶᠢᠬᠠᠨ ᠶᠡᠭᠡ ᠭᠤᠶᠢᠳᠠ ᠰᠠᠶᠢᠬᠠᠨ ᠢ ᠡᠭᠦᠳᠴᠦ ᠪᠠᠶᠢᠨ᠎ᠠ᠃ |