ᠵᠧᠵᠢᠶᠠᠩ ᠤᠨ ᠬᠠᠩᠵᠧᠦ ᠳᠤ᠂ ᠰᠤᠷᠪᠤᠯᠵᠢᠯᠠᠭᠴᠢ ᠪᠠᠶᠢᠴᠠᠭᠠᠨ ᠯᠠᠪᠯᠠᠬᠤ ᠪᠠᠷ ᠲᠠᠮᠵᠢᠨ᠂ ︽5.1︾ ᠤ | ᠠᠮᠠᠷᠠᠯᠲᠠ ᠠᠴᠠ ᠡᠮᠦᠨ᠎ᠡ ᠬᠠᠩᠵᠧᠦ ᠠᠴᠠ ᠨᠢᠰᠬᠦ ᠤᠯᠤᠰ ᠤᠨ ᠳᠣᠲᠣᠭᠠᠳᠤ ᠶᠢᠨ ᠣᠯᠠᠨ ᠠᠭᠠᠷ ᠤᠨ ᠠᠶᠠᠯᠠᠯ ᠤᠨ | ᠨᠢᠰᠬᠡᠯ ᠤᠨ ᠪᠢᠯᠧᠲ ᠤᠨ ᠦᠨ᠎ᠡ ᠬᠢᠮᠳᠠᠷᠠᠵᠦ᠂ ᠬᠠᠮᠤᠭ ᠤᠨ ᠥᠨᠳᠥᠷ ᠲᠡᠭᠡᠨ 60 % ᠭᠠᠷᠤᠢ ᠪᠠᠷ ᠬᠢᠮᠳᠠᠷᠠᠬᠰᠠᠨ | ᠢ ᠤᠯᠵᠤ ᠮᠡᠳᠡᠵᠡᠢ᠂ ᠡᠨᠡ ᠨᠢ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠵᠢᠭᠤᠯᠴᠢᠯᠠᠬᠤ ᠳᠤ ᠲᠤᠬᠢᠷᠠᠮᠵᠢᠳᠠᠢ᠃ | ᠰᠤᠷᠪᠤᠯᠵᠢᠯᠠᠭᠴᠢ ᠨᠢᠭᠡᠨ ᠰᠦᠯᠵᠢᠶᠡᠨ ᠳᠡᠭᠡᠷ᠎ᠡ ᠪᠢᠯᠧᠲ ᠬᠤᠳᠠᠯᠳᠤᠨ ᠠᠪᠬᠤ ᠲᠠᠪᠴᠠᠩ ᠠᠴᠠ ᠣᠯᠵᠤ | ᠮᠡᠳᠡᠭᠰᠡᠨ ᠢᠶᠠᠷ᠂ ︽5.1︾ ᠤ ᠠᠮᠠᠷᠠᠯᠲᠠ ᠠᠴᠠ ᠡᠮᠦᠨ᠎ᠡ᠂ ᠬᠠᠩᠵᠧᠦ ᠠᠴᠠ ᠤᠯᠤᠰ ᠤᠨ ᠳᠣᠲᠣᠭᠠᠳᠤ ᠶᠢᠨ | ᠣᠯᠠᠨ ᠭᠠᠵᠠᠷ ᠲᠤ ᠨᠢᠰᠬᠦ ᠨᠢᠰᠬᠡᠯ ᠤᠨ ᠪᠢᠯᠧᠲ ᠤᠨ ᠬᠠᠮᠤᠭ ᠬᠢᠮᠳᠠ ᠦᠨ᠎ᠡ ᠨᠢ ᠨᠡᠶᠢᠳᠡᠮ ᠳᠡᠭᠡᠨ ᠤᠤᠯ ᠤᠨ | ᠪᠢᠯᠧᠲ ᠤᠨ ᠦᠨ᠎ᠡ ᠶᠢᠨ 2 ᠨᠤᠭᠤᠯᠤᠭ᠎ᠠ ᠪᠠᠶᠢᠵᠤ᠂ ᠪᠡᠭᠡᠵᠢᠩ ᠵᠦᠭ ᠨᠢᠰᠬᠦ ᠨᠢᠰᠬᠡᠯ ᠤᠨ ᠪᠢᠯᠧᠲ ᠤᠨ ᠦᠨ᠎ᠡ ᠨᠢ | 500 ᠲᠥᠭᠦᠷᠢᠭ ᠲᠤ ᠬᠦᠷᠬᠦ ᠦᠭᠡᠶ ᠪᠠᠶᠢᠪᠠ︔ ᠭᠤᠸᠠᠩᠵᠧᠦ ᠵᠦᠭ ᠨᠢᠰᠬᠦ ᠳᠠᠩ ᠠᠶᠠᠯᠠᠯ ᠤᠨ ᠭᠠᠶᠢᠯᠢ | ᠰᠦᠢᠳᠬᠡᠯ ᠢ ᠪᠠᠭᠲᠠᠭᠠᠭᠰᠠᠨ ᠤ ᠳᠠᠷᠠᠭᠠᠬᠢ ᠪᠢᠯᠧᠲ ᠤᠨ ᠬᠠᠮᠤᠭ ᠬᠢᠮᠳᠡ ᠦᠨ᠎ᠡ ᠨᠢ ᠴᠤ 500 ᠲᠥᠭᠦᠷᠢᠭ | ᠣᠷᠴᠢᠮ ᠪᠠᠶᠢᠪᠠ᠃ | ᠣᠶᠢᠯᠠᠭᠠᠭᠰᠠᠨ ᠢᠶᠠᠷ᠂ ᠬᠠᠩᠵᠧᠦ ᠠᠴᠠ ᠣᠯᠠᠨ ᠭᠠᠵᠠᠷ ᠲᠤ ᠨᠢᠰᠬᠦ ᠨᠢᠰᠬᠡᠯ ᠤᠨ ᠪᠢᠯᠧᠲ ᠤᠨ ᠦᠨ᠎ᠡ 60 | % ᠭᠠᠷᠤᠢ ᠪᠠᠷ ᠬᠢᠮᠳᠠᠷᠠᠵᠠᠢ᠃ ᠠᠵᠢᠯ ᠲᠥᠷᠥᠯ ᠤᠨ ᠬᠥᠮᠦᠰ ᠤᠨ ᠵᠠᠳᠠᠯᠬᠤ ᠳᠠᠭᠠᠨ᠂ ᠣᠳᠣᠬᠠᠨ ᠳᠤ ᠬᠠᠪᠤᠷ ᠤᠨ | ᠤᠯᠠᠷᠢᠯ ᠤᠨ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠭᠠᠷᠬᠤ ᠬᠠᠮᠤᠭ ᠤᠨ ᠰᠠᠶᠢᠨ ᠴᠠᠭ | ᠬᠤᠭᠤᠴᠠᠭ᠎ᠠ ᠪᠣᠯᠤᠨ᠎ᠠ᠂ ᠬᠤᠳᠠᠯᠳᠤᠭᠠᠨ ᠤ ᠶᠠᠪᠤᠳᠠᠯ ᠤᠨ ᠭᠠᠳᠠᠭᠰᠢ ᠭᠠᠷᠬᠤ ᠬᠡᠷᠡᠭᠴᠡᠭᠡ ᠬᠠᠷᠢᠴᠠᠩᠭᠤᠶ ᠪᠠᠷ | ᠨᠠᠮᠳᠠᠬᠰᠠᠨ ᠤ ᠳᠡᠭᠡᠷ᠎ᠡ ᠠᠭᠠᠷ ᠤᠨ ᠠᠶᠠᠯᠠᠯ ᠤᠨ ᠵᠤᠷᠭᠠᠨ ᠤ ᠲᠡᠭᠡᠭᠡᠪᠦᠷᠢ ᠶᠢᠨ ᠬᠦᠴᠦᠨ ᠢ ᠲᠥᠪᠯᠡᠷᠡᠭᠦᠯᠦᠨ | ᠲᠠᠯᠪᠢᠭᠰᠠᠨ ᠢᠶᠠᠷ ᠣᠯᠠᠨ ᠲᠠᠯ᠎ᠠ ᠶᠢᠨ ᠬᠦᠴᠦᠨ ᠵᠤᠶᠢᠯ ᠳᠠᠪᠬᠤᠴᠠᠭᠰᠠᠨ ᠠᠴᠠ ᠪᠣᠯᠵᠣ ᠦᠨ᠎ᠡ ᠬᠠᠩᠰᠢ | ᠬᠠᠷᠢᠴᠠᠩᠭᠤᠶ ᠪᠠᠷ ᠨᠡᠯᠢᠶᠡᠳ ᠬᠠᠷᠠᠭᠠᠯᠵᠠᠯ ᠲᠠᠢ ᠪᠣᠯᠵᠠᠶ᠃ ︽5.1︾ ᠤ ᠠᠮᠠᠷᠠᠯᠲᠠ ᠶᠢᠨ ᠬᠤᠭᠤᠴᠠᠭ᠎ᠠ | ᠣᠶᠢᠷᠠᠳᠬᠤ ᠶᠢ ᠳᠠᠭᠠᠯᠳᠤᠨ ᠨᠢᠰᠬᠡᠯ ᠤᠨ ᠪᠢᠯᠧᠲ ᠤᠨ ᠦᠨ᠎ᠡ ᠢᠯᠡᠳᠲᠡ ᠳᠡᠭᠡᠭᠰᠢᠯᠡᠬᠦ ᠪᠣᠯᠤᠨ᠎ᠠ ᠭᠡᠵᠦ ᠵᠢᠭᠠᠵᠤ | ᠭᠠᠷᠭᠠᠪᠠ᠃ | ᠨᠢᠭᠡᠨ ᠠᠭᠠᠷ ᠤᠨ ᠠᠶᠠᠯᠠᠯ ᠤᠨ ᠺᠣᠮᠫᠠᠨᠢ ᠶᠢᠨ ᠭᠠᠵᠠᠷ ᠳᠡᠭᠡᠷᠡᠬᠢ ᠤᠶᠢᠯᠡᠴᠢᠯᠡᠭᠡᠨ ᠤ ᠬᠡᠯᠲᠡᠰ ᠤᠨ ᠠᠵᠢᠯᠲᠠᠨ | ᠱᠤᠤ ᠯᠠᠨ ᠴᠢᠶᠠᠨ᠄ 4 ᠰᠠᠷ᠎ᠠ ᠶᠢᠨ 30 ᠤ ᠡᠳᠦᠷ᠂ 5 ᠰᠠᠷ᠎ᠠ ᠶᠢᠨ 1 ᠤ ᠡᠳᠦᠷ ᠪᠣᠯ ᠭᠠᠳᠠᠭᠰᠢ ᠭᠠᠷᠬᠤ ᠣᠷᠭᠢᠯ | ᠤᠨ ᠬᠤᠭᠤᠴᠠᠭ᠎ᠠ ᠪᠤᠯᠤᠨ᠎ᠠ᠂ ᠵᠧᠵᠢᠶᠠᠩ ᠣᠷᠣᠨ ᠨᠢ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠤᠨ ᠠᠮᠠᠷᠠᠯᠲᠠ | ᠳᠠᠪᠬᠤᠴᠠᠭᠰᠠᠨ ᠨᠥᠯᠥᠭᠡ ᠠᠴᠠ ᠪᠣᠯᠵᠣ᠂ ᠬᠠᠩᠵᠧᠦ ᠠᠴᠠ ᠨᠢᠰᠬᠦ 4 ᠰᠠᠷ᠎ᠠ ᠶᠢᠨ 27 ᠤ ᠡᠳᠦᠷ ᠤᠨ ᠨᠢᠰᠭᠡᠯ ᠤᠨ | ᠪᠢᠯᠧᠲ ᠤᠨ ᠦᠨ᠎ᠡ ᠢᠯᠡᠳᠲᠡ ᠳᠡᠭᠡᠭᠰᠢᠯᠡᠪᠡ᠃ ︽5.1︾ ᠤ ᠠᠮᠠᠷᠠᠯᠲᠠ ᠶᠢᠨ ᠬᠤᠭᠤᠴᠠᠭᠠᠨ ᠤ ᠴᠠᠩᠱᠠ᠂ | ᠴᠦᠩᠴᠢᠩ ᠵᠡᠷᠭᠡ ᠬᠠᠯᠠᠮᠰᠢᠯ ᠵᠢᠭᠤᠯᠴᠢᠯᠠᠯ ᠤᠨ ᠭᠠᠵᠠᠷ ᠤᠨ ᠬᠢᠨ ᠤ ᠬᠤᠳᠠᠯᠳᠤᠬᠰᠠᠨ ᠨᠢᠰᠭᠡᠯ ᠤᠨ ᠪᠢᠯᠧᠲ | ᠳᠥᠷᠪᠡᠨ ᠬᠤᠪᠢ ᠶᠢ ᠡᠵᠡᠯᠡᠪᠠ᠂ ᠵᠢᠭᠤᠯᠴᠢᠯᠠᠬᠤ ᠪᠠᠷ ᠶᠠᠪᠤᠬᠤ ᠪᠠᠷ ᠪᠠᠶᠢᠭ᠎ᠠ ᠠᠶᠠᠨᠴᠢᠳ ᠲᠤ ᠤᠷᠢᠳᠴᠢᠯᠠᠨ | ᠪᠢᠯᠧᠲ ᠬᠤᠳᠠᠯᠳᠤᠨ ᠠᠪᠬᠤ ᠶᠢ ᠰᠠᠨᠠᠭᠤᠯᠵᠤ ᠪᠠᠶᠢᠨ᠎ᠠ᠃ |