4 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠠᠯᠪᠠᠨ ᠵᠠᠷ ᠨᠡᠶᠢᠲᠡᠯᠡᠵᠦ᠂ 5 | ᠰᠠᠷ᠎ᠠ ᠶᠢᠨ 1 ᠤ ᠡᠳᠦᠷ ᠠᠴᠠ ᠡᠬᠢᠯᠡᠨ ᠪᠥᠬᠦ ᠤᠯᠤᠰ ᠤᠨ ᠲᠥᠷᠥᠯ ᠰᠠᠳᠤᠨ ᠤ ᠬᠠᠶᠢᠷ᠎ᠠ ᠶᠢᠨ ᠰᠦᠯᠵᠢᠶ᠎ᠡ ︵ᠪᠥᠬᠦ | ᠤᠯᠤᠰ ᠤᠨ ᠬᠡᠪᠯᠡᠯ︶ ᠶᠢᠨ ᠪᠠᠷᠢᠮᠵᠢᠶᠠᠲᠤ ᠰᠤᠶᠢᠳᠭᠡᠯ ᠢ ᠬᠢᠮᠳᠠᠷᠠᠭᠤᠯᠤᠨ᠎ᠠ᠂ ᠬᠢᠮᠳᠠᠷᠠᠭᠤᠯᠤᠭᠰᠠᠨ ᠤ ᠳᠠᠷᠠᠭ᠎ᠠ | ᠦᠨᠳᠦᠰᠦᠨ ᠴᠢᠳᠠᠮᠵᠢ ᠶᠢᠨ ᠰᠤᠶᠢᠳᠭᠡᠯ ᠰᠠᠷ᠎ᠠ ᠳᠤ 5 ᠲᠥᠭᠦᠷᠢᠭ ᠪᠣᠯᠤᠨ᠎ᠠ᠂ ᠡᠭᠦᠨ ᠳᠤ 1 ᠴᠤᠬᠯᠠᠷᠠᠯ ᠤᠨ | ᠠᠬᠠᠯᠠᠬᠴᠢ ᠵᠢᠴᠢ 3 ᠪᠦᠷᠢᠯᠳᠦᠬᠦᠨ ᠪᠠᠭᠲᠠᠨ᠎ᠠ᠂ ᠰᠠᠭᠤᠷᠢ ᠪᠦᠷᠢᠯᠳᠦᠬᠦᠨ ᠤ ᠲᠤᠭ᠎ᠠ ᠠᠴᠠ ᠬᠡᠳᠦᠷᠡᠪᠡᠯ᠂ | ᠮᠤᠵᠢ ᠶᠢᠨ ᠲᠤᠳᠤᠷᠠᠬᠢ ᠪᠠ ᠮᠤᠵᠢ ᠶᠢᠨ ᠭᠠᠳᠠᠨᠠᠬᠢ ᠪᠦᠷᠢᠯᠳᠦᠬᠦᠨ ᠤ ᠬᠥᠮᠦᠨ ᠪᠦᠷᠢ ᠠᠴᠠ ᠰᠠᠷ᠎ᠠ ᠶᠢᠨ | ᠴᠢᠳᠠᠮᠵᠢ ᠶᠢᠨ ᠰᠤᠶᠢᠳᠭᠡᠯ ᠭᠡᠵᠦ 1 ᠲᠥᠭᠦᠷᠢᠭ ᠨᠢᠭᠡᠳᠦᠯᠳᠡᠢ ᠬᠤᠷᠢᠶᠠᠨ᠎ᠠ᠂ ᠴᠤᠬᠯᠠᠷᠠᠯ ᠪᠦᠷᠢ ᠳᠤ ᠬᠠᠮᠤᠭ ᠤᠨ | ᠣᠯᠠᠨ ᠳᠠᠭᠠᠨ 19 ᠬᠥᠮᠦᠨ ︵ᠠᠬᠠᠯᠠᠬᠴᠢ ᠪᠠᠭᠲᠠᠨ᠎ᠠ︶ ᠪᠠᠶᠢᠵᠤ᠂ ᠴᠤᠬᠯᠠᠷᠠᠯ ᠤᠨ ᠳᠣᠲᠣᠷᠠᠬᠢ ᠪᠦᠷᠢᠯᠳᠦᠬᠦᠨ ᠤ | ᠬᠤᠭᠤᠷᠣᠨᠳᠣ ᠪᠠᠨ ᠪᠥᠬᠦ ᠤᠯᠤᠰ ᠤᠨ ᠬᠡᠪᠴᠢᠶᠡᠨ ᠳᠤ ᠬᠠᠷᠢᠯᠴᠠᠨ ᠶᠠᠷᠢᠯᠴᠠᠵᠤ ᠸᠢᠳᠢᠤ᠋ ᠤᠲᠠᠰᠤ ᠨᠡᠪᠳᠡᠷᠡᠬᠦ ᠳᠤ | ᠰᠤᠶᠢᠳᠬᠡᠯ ᠦᠯᠦ ᠬᠤᠷᠢᠶᠠᠬᠤ ︵ᠰᠢᠶᠠᠩᠭᠠᠩ ᠣᠣᠮᠧᠨ ᠲᠠᠶᠢᠸᠠᠨ ᠪᠠᠭᠲᠠᠬᠤ ᠥᠬᠡᠶ︶ ᠶᠢ ᠳᠡᠮᠵᠢᠨ᠎ᠡ ᠭᠡᠪᠡ᠃ |