4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ | ᠭᠤᠣᠯ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ | ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠰᠤᠷᠤᠯᠴᠠᠯᠭ᠎ᠠ ᠳᠡᠭᠡᠷ᠎ᠡ᠂ ᠲᠥᠪ ᠤᠨ ᠨᠠᠮ ᠤᠨ ᠲᠡᠦᠬᠡ ᠰᠤᠳᠤᠯᠬᠤ ᠲᠠᠰᠤᠭ ᠤᠨ ᠤᠤᠯ ᠤᠨ ᠳᠡᠳ᠋ ᠡᠷᠭᠢᠯᠡᠭᠴᠢ | ᠹᠧᠩ ᠵᠢᠶᠦ᠋ᠨ ᠤᠷᠢᠯᠭ᠎ᠠ ᠪᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠸᠠᠩ ᠯᠢ ᠰᠢᠶᠠ᠂ ᠯᠢᠦ | ᠱᠤᠸᠠᠩ᠂ ᠪᠦ᠋ᠦ ᠭᠠᠩ᠂ ᠯᠢ ᠢᠦᠢ ᠭᠠᠩ᠂ ᠬᠦᠦᠳᠠᠭᠤᠯᠠ᠂ ᠪᠦ᠋ᠦ ᠰᠢᠶᠠᠨ ᠬᠤᠸᠠ ᠦᠭᠡ ᠬᠡᠯᠡᠪᠡ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ | ᠭᠦᠨᠵᠡᠭᠡᠢ ᠶᠤᠮ᠂ ᠪᠢᠳᠡ ᠨᠡᠪᠲᠡᠷᠬᠡᠢ ᠤᠩᠰᠢᠵᠤ ᠨᠠᠷᠢᠯᠢᠭ ᠤᠩᠰᠢᠵᠤ ᠰᠤᠳᠤᠯᠤᠨ ᠤᠩᠰᠢᠵᠤ᠂ ᠪᠠᠶᠢᠩᠭᠤ | ᠰᠤᠷᠤᠯᠴᠠᠵᠤ ᠪᠠᠶᠢᠩᠭᠤ ᠰᠡᠳᠬᠢᠵᠦ ᠪᠠᠶᠢᠩᠭᠤ ᠣᠶᠢᠯᠠᠭᠠᠵᠤ᠂ ᠲᠡᠭᠦᠨ ᠤ ᠳᠣᠲᠣᠷᠠᠬᠢ ᠪᠠᠶᠢᠯᠳᠤᠬᠤ ᠪᠣᠳᠣᠯᠭ᠎ᠠ ᠶᠢᠨ | ᠪᠣᠳᠣᠯᠬᠢᠯᠠᠯ ᠪᠣᠯᠣᠨ ᠡᠷᠡᠰ ᠪᠠᠲᠤ ᠵᠣᠷᠢᠭ ᠢ ᠭᠦᠨᠵᠡᠭᠡᠢ ᠣᠶᠢᠯᠠᠭᠠᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ | ᠠᠬᠢᠭᠤᠯᠬᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠬᠡᠷᠡᠭᠲᠡᠢ᠃ ᠣᠶᠢᠷ᠎ᠠ ᠶᠢᠨ ᠬᠡᠳᠦᠨ ᠵᠢᠯ ᠳᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠰᠤᠷᠲᠠᠯ ᠤᠨ ᠪᠠᠶᠢᠭᠤᠯᠤᠯᠲᠠ ᠶᠢᠨ | ᠬᠠᠮ ᠠᠷᠭ᠎ᠠ ᠬᠡᠮᠵᠢᠶ᠎ᠡ ᠶᠢ ᠠᠪᠴᠤ᠂ ᠪᠦᠭᠦ ᠣᠷᠣᠨ ᠤ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠢᠯᠡᠳᠲᠡ | ᠰᠠᠶᠢᠵᠢᠷᠠᠵᠤ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠢᠯᠡᠷᠬᠡᠢ ᠳᠡᠭᠡᠭᠰᠢᠯᠡᠭᠰᠡᠨ ᠪᠤᠯᠪᠠᠴᠤ ︽ᠳᠥᠷᠪᠡᠨ | ᠰᠤᠷᠲᠠᠯ ︾ ᠤᠨ ᠠᠰᠠᠭᠤᠳᠠᠯ ᠲᠠᠯᠳᠠ ᠪᠠᠷ ᠣᠨᠳᠣᠣᠰᠢᠵᠤ᠂ ᠶᠠᠩᠵᠤ ᠭᠡᠯᠪᠡᠷᠢ ᠨᠢ ᠰᠢᠨᠡᠳᠴᠦ᠂ ᠳᠠᠭᠢᠨ ᠰᠡᠷᠭᠦᠬᠦ | ᠳᠠᠯᠳᠠ ᠭᠡᠮ ᠮᠥᠨ ᠬᠦ ᠪᠠᠭ᠎ᠠ ᠪᠤᠰᠤ ᠣᠷᠣᠰᠢᠵᠤ᠂ ᠰᠤᠷᠲᠠᠯ ᠢ ᠬᠤᠪᠢᠷᠠᠭᠤᠯᠬᠤ᠂ ᠰᠢᠨ᠎ᠡ ᠰᠤᠷᠲᠠᠯ ᠢ ᠪᠤᠶ ᠪᠤᠯᠭᠠᠬᠤ | ᠡᠭᠦᠷᠭᠡ ᠪᠠᠰᠠ ᠮᠠᠰᠢ ᠬᠠᠲᠠᠭᠤ ᠪᠡᠷᠬᠡ ᠪᠠᠶᠢᠨ᠎ᠠ᠃ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ ᠭᠡᠬᠦ | ᠰᠡᠷᠭᠡᠭ ᠲᠠᠨᠢᠯᠲᠠ ᠶᠢ ᠢᠮᠠᠭᠲᠠ ᠪᠠᠲᠤᠯᠠᠵᠤ᠂ ᠰᠤᠷᠲᠠᠯ ᠤᠨ ᠠᠷᠬᠠᠭ ᠭᠡᠮ ᠳᠤ ᠴᠥᠬᠦᠷᠡᠰᠢ ᠦᠭᠡᠢ ᠮᠡᠰᠡ ᠵᠠᠰᠠᠯ | ᠬᠢᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ | ᠲᠤᠭᠤᠰᠢᠯᠠᠭᠤᠯᠬᠤ ᠶᠢ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠶᠢ ᠬᠦᠯᠢᠶᠡᠬᠦ ᠲᠠᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ | ᠮᠥᠷᠲᠡᠭᠡᠨ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ | ᠴᠠᠭ ᠲᠤᠬᠠᠢ ᠳᠤᠨᠢ ᠣᠨᠣᠪᠴᠢᠲᠠᠢ ᠨᠠᠶᠢᠳᠠᠪᠤᠷᠢᠵᠢᠭᠤᠯᠵᠤ᠂ ︽1 + 1﹀2︾ ᠶᠢᠨ ᠦᠷ᠎ᠡ ᠪᠦᠲᠦᠮᠵᠢ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠵᠤ ᠰᠠᠬᠢᠯᠭ᠎ᠠ ᠪᠠᠲᠤ ᠬᠡᠷᠡᠭᠵᠢᠭᠦᠯᠬᠦ ᠪᠠ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠠᠭ᠎ᠠ ᠭᠠᠷᠭᠠᠬᠤ ᠶᠢ ᠵᠣᠷᠢᠭᠵᠢᠭᠤᠯᠬᠤ ᠶᠢ ᠵᠡᠷᠭᠡ ᠪᠠᠷ ᠠᠳᠬᠤᠬᠤ ᠶᠢ | ᠪᠠᠷᠢᠮᠲᠠᠯᠠᠵᠤ᠂ ᠳᠦᠷᠢᠮ ᠲᠣᠭᠲᠠᠭᠠᠯ ᠲᠣᠭᠲᠠᠭᠠᠬᠤ ᠳᠠᠭᠠᠨ ᠪᠣᠳᠠᠲᠠᠢ ᠠᠰᠠᠭᠤᠳᠠᠯ ᠢ ᠪᠣᠳᠠᠲᠠᠢ ᠵᠠᠳᠠᠯᠵᠤ᠂ ︽ᠨᠢᠭᠡ | ᠲᠦᠯᠬᠢᠭᠦᠷ ᠢᠶᠠᠷ ᠨᠢᠭᠡ ᠣᠨᠢᠰᠤ ᠶᠢ ᠨᠡᠭᠡᠭᠡᠬᠦ ︾ ᠶᠢ ᠴᠢᠷᠮᠠᠶᠢᠨ ᠪᠡᠶᠡᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ | ᠵᠣᠷᠢᠭᠵᠢᠭᠤᠯᠬᠤ ᠳᠤ ᠦᠷᠳᠡᠭ ᠤᠨ ᠤᠳᠤᠷᠢᠳᠤᠮᠵᠢ ᠶᠢ ᠵᠠᠯᠠᠷᠠᠭᠤᠯᠬᠤ᠂ ᠶᠠᠪᠤᠴᠠ ᠶᠢᠨ ᠭᠠᠷ ᠳᠦᠷᠦᠯᠲᠡ ᠶᠢ | ᠪᠠᠭᠠᠰᠬᠠᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠠᠯᠳᠠ ᠢᠳᠡᠪᠬᠢᠵᠢᠯ ᠢ | ᠲᠠᠶᠢᠴᠢᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠵᠣᠷᠢᠭᠲᠠᠢ ᠪᠠᠷ᠂ ᠦᠨᠡᠨ | ᠪᠣᠳᠠᠲᠠᠢ ᠪᠠᠷ ᠠᠵᠢᠯᠯᠠᠬᠤ ᠪᠤᠯᠭᠠᠵᠤ᠂ ᠰᠤᠷᠲᠠᠯ ᠢ ᠠᠳᠬᠤᠨ ᠠᠵᠢᠯ ᠢ ᠠᠬᠢᠭᠤᠯᠬᠤ᠂ ᠠᠵᠢᠯ ᠢ ᠠᠳᠬᠤᠨ ᠰᠤᠷᠲᠠᠯ ᠢ | ᠴᠢᠩᠭᠠᠳᠬᠠᠬᠤ ᠰᠠᠶᠢᠨ ᠣᠷᠴᠢᠯ ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠭᠡᠵᠦ ᠬᠡᠯᠡᠪᠡ᠃ |