30 ᠳ᠋ᠤᠭᠠᠷ ︽ᠳᠡᠯᠡᠬᠡᠶ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠥᠷᠭᠡᠨ ᠣᠯᠠᠨ | ᠠᠵᠢᠯᠲᠠᠨ ᠠᠵᠢᠯᠴᠢᠨ ᠤ ᠨᠣᠮ ᠤᠩᠰᠢᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠠᠶᠢᠨ ᠰᠠᠶᠢᠬᠠᠨ ᠨᠣᠮ | ᠤᠩᠰᠢᠬᠤ ᠳᠠᠳᠬᠠᠯ ᠢ ᠬᠥᠮᠦᠵᠢᠭᠦᠯᠬᠦ ᠶᠢᠨ ᠲᠥᠯᠥᠭᠡ᠃ 4 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠤ | ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠶᠠᠨ ᠤ ᠦᠨᠳᠦᠰᠦᠲᠡᠨ | ᠤ ᠬᠡᠷᠡᠭ ᠡᠷᠭᠢᠯᠡᠬᠦ ᠵᠥᠪᠯᠡᠯ᠂ ᠡᠪᠯᠡᠯ ᠤᠨ ᠬᠤᠷᠢᠶ᠎ᠠ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠲᠦᠴᠢᠦᠸᠠᠨ | ᠰᠢᠶᠠᠨ ᠤ ᠭᠤᠤᠯ ᠴᠡᠴᠡᠷᠯᠢᠭ ᠲᠤ 2025 ᠣᠨ ᠤ ︽ᠦᠵᠡᠵᠦ ᠰᠤᠨᠢᠷᠬᠠᠬᠤ ᠤᠮᠠᠷᠠᠲᠤ ᠬᠢᠯᠢ ᠪᠢᠴᠢᠭ ᠤᠨ | ᠰᠤᠷᠪᠤᠯᠵᠢᠳᠤ ᠲᠦᠴᠢᠦᠸᠠᠨ︾ ᠭᠡᠬᠦ ᠭᠤᠤᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃ | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠤᠯᠤᠰ ᠢ ᠬᠦᠴᠦᠷᠭᠡᠭᠵᠢᠭᠦᠯᠬᠦ ᠠᠯᠲᠠᠨ ᠰᠤᠷᠭᠠᠯ ᠢ ᠤᠩᠰᠢᠬᠤ᠂ | ᠨᠣᠮ ᠪᠢᠴᠢᠭ ᠰᠣᠯᠢᠯᠴᠠᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠪᠥᠬᠦ ᠠᠵᠢᠯᠲᠠᠨ ᠤ ᠨᠣᠮ ᠤᠩᠰᠢᠬᠤ᠂ | ᠨᠠᠰᠤᠨ ᠲᠤᠷᠰᠢᠳᠠ ᠰᠤᠷᠤᠯᠴᠠᠬᠤ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠺᠠᠳ᠋ᠷ | ᠠᠵᠢᠯᠲᠠᠨ ᠤ ᠨᠣᠮ ᠤᠩᠰᠢᠬᠤ ᠳᠤᠷ᠎ᠠ ᠰᠣᠨᠢᠷᠬᠠᠯ ᠢ ᠬᠥᠭᠵᠢᠭᠡᠪᠡ᠃ | | | | | | | | 4 ᠰᠠᠷ᠎ᠠ ᠶᠢᠨ 18 ᠤ ᠡᠳᠦᠷ᠂ ᠲᠦᠴᠢᠦᠸᠠᠨ ᠰᠢᠶᠠᠨ ᠤ ᠠᠵᠢᠯᠴᠢᠨ ᠤ ᠶᠡᠷᠦᠩᠬᠡᠶ ᠡᠪᠯᠡᠯ ︽ᠳᠤᠮᠳᠠᠳᠤ ᠶᠢᠨ | ᠵᠡᠭᠦᠳᠦ ᠬᠥᠳᠡᠯᠮᠦᠷᠢ ᠶᠢᠨ ᠭᠤᠸ᠎ᠠ ᠰᠠᠶᠢᠬᠠᠨ— ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ | ᠪᠠᠳᠠᠷᠠᠭᠤᠯᠵᠤ ᠤᠮᠠᠷᠠᠲᠤ ᠬᠢᠯᠢ ᠶᠢᠨ ᠥᠯᠢᠭᠡᠷ ᠢ ᠰᠠᠶᠢᠲᠤᠷ ᠶᠠᠷᠢᠬᠤ︾ ᠪᠥᠬᠦ ᠰᠢᠶᠠᠨ ᠤ ᠠᠵᠢᠯᠲᠠᠨ ᠠᠵᠢᠯᠴᠢᠨ ᠤ | ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃ | ᠤᠷᠤᠯᠳᠤᠭᠠᠨ ᠤ ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠪᠦᠬᠦ ᠰᠢᠶᠠᠨ ᠤ ᠡᠯ᠎ᠡ ᠠᠵᠢᠯ ᠲᠦᠷᠦᠯ | ᠠᠴᠠ ᠢᠷᠡᠭᠰᠡᠨ ᠤᠷᠤᠯᠳᠠᠭᠰᠠᠳ ᠭᠤᠣᠯ ᠰᠡᠳᠦᠪ ᠤᠨ ᠲᠣᠭᠤᠷᠢᠨ ᠳᠤ᠂ ᠲᠤᠰ ᠪᠡᠶ᠎ᠡ ᠶᠢᠨ ᠥᠩᠭᠡᠷᠡᠯᠲᠡ ᠪᠠ | ᠲᠦᠷᠦᠭᠳᠡᠯ ᠲᠠᠢ ᠪᠠᠨ ᠤᠶᠠᠯᠳᠤᠭᠤᠯᠵᠤ᠂ ᠠᠯᠢ ᠤᠯᠠᠨ ᠠᠵᠢᠯᠳᠠᠨ ᠠᠵᠢᠯᠴᠢᠨ ᠤ ᠠᠵᠢᠯ ᠤᠨ ᠪᠠᠶᠢᠷᠢ ᠳᠠᠭᠠᠨ | ᠰᠠᠭᠤᠷᠢᠯᠠᠨ ᠡᠷᠡᠯᠬᠡᠭᠯᠡᠨ ᠲᠡᠮᠡᠴᠡᠭᠰᠡᠨ ᠠᠮᠢᠳᠤᠯᠢᠭ ᠦᠯᠢᠭᠡᠷ ᠢ ᠶᠠᠷᠢᠵᠤ᠂ ᠲᠦᠴᠢᠦᠸᠠᠨ ᠰᠢᠶᠠᠨ ᠤ ᠠᠵᠢᠯᠳᠠᠨ | ᠠᠵᠢᠯᠴᠢᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠤᠨ ᠡᠷᠡᠮᠡᠬᠡᠶᠢᠯᠡᠨ ᠤᠷᠤᠭᠰᠢᠯᠠᠭᠰᠠᠨ | ᠤᠶᠤᠨ ᠰᠠᠨᠠᠭᠠᠨ ᠤ ᠳᠦᠷᠰᠦ ᠪᠠᠶᠢᠳᠠᠯ ᠪᠠ ᠠᠵᠢᠯ ᠤᠨ ᠪᠠᠶᠢᠷᠢ ᠳᠡᠭᠡᠷ᠎ᠡ ᠪᠠᠨ ᠠᠮᠢ ᠴᠦᠯᠡᠨ ᠵᠢᠳᠬᠦᠵᠦ᠂ ᠭᠠᠷᠮᠠᠭᠠᠢ | ᠠᠵᠢᠯ ᠤᠨ ᠬᠡᠪ ᠨᠠᠮᠪᠠ ᠶᠢ ᠢᠯᠡᠷᠡᠭᠦᠯᠪᠡ᠃ | | | | | | ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠤᠷᠤᠯᠳᠤᠭᠠᠨ ᠡᠴᠦᠰ ᠲᠡᠭᠡᠨ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ ᠰᠢᠯᠭᠠᠷᠠᠭᠤᠯᠪᠠ᠃ | | ᠲᠦᠴᠢᠦᠸᠠᠨ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠠᠵᠢᠯᠲᠠᠨ ᠠᠵᠢᠯᠴᠢᠨ ᠤ ᠰᠣᠶᠣᠯ ᠤᠨ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯᠲᠠᠨ ᠠᠵᠢᠯᠴᠢᠨ ᠤ ᠨᠣᠮ ᠤᠩᠰᠢᠬᠤ ᠠᠵᠢᠯ ᠢ | ᠢᠳᠡᠪᠬᠢᠲᠡᠶ ᠠᠬᠢᠭᠤᠯᠤᠭᠰᠠᠭᠠᠷ ᠢᠷᠡᠵᠡᠶ᠃ ᠠᠵᠢᠯᠲᠠᠨ ᠠᠵᠢᠯᠴᠢᠳ ᠤᠨ ᠨᠣᠮ ᠤᠨ ᠥᠷᠥᠭᠡ ᠪᠠᠶᠢᠭᠤᠯᠬᠤ᠂ ᠡᠯ᠎ᠡ | ᠲᠥᠷᠥᠯ ᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠲᠠᠨ | ᠠᠵᠢᠯᠴᠢᠳ ᠲᠤ ᠡᠯᠪᠡᠭ ᠪᠠᠶᠠᠯᠢᠭ ᠤᠩᠰᠢᠯᠭ᠎ᠠ ᠶᠢᠨ ᠡᠬᠢ ᠪᠠᠶᠠᠯᠢᠭ ᠪᠣᠯᠤᠨ ᠰᠣᠯᠢᠯᠴᠠᠭᠠᠨ ᠤ ᠲᠠᠪᠴᠠᠩ ᠬᠠᠩᠭᠠᠵᠠᠢ᠃ | | |