ᠲᠦᠴᠢᠦᠸᠠᠨ ᠰᠢᠶᠠᠨ᠄ ᠲᠠᠷᠢᠶᠠᠯᠠᠬᠤ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠵᠢᠷᠤᠭ ᠢ ᠵᠢᠷᠤᠭᠯᠠᠪᠠ
ᠨᠡᠶᠢᠲᠡᠯᠡᠭᠰᠡᠨ ᠴᠠᠭ᠄
2025/4/22
   ᠠᠳᠡ ︽ᠲᠩᠷᠢ ᠨᠢ ᠴᠡᠯᠮᠡᠭ᠂ ᠤᠰᠤ ᠨᠢ ᠲᠤᠩᠭᠠᠯᠠᠭ᠂ ᠭᠠᠵᠠᠷ ᠨᠢ ᠨᠣᠭᠤᠭᠠᠨ︾ ᠪᠠᠶᠢᠵᠤ᠂ ᠠᠳᠡ ᠡᠪᠦᠭᠡᠨ ᠠᠭᠤᠯᠠᠨ ᠤ ᠥᠨᠳᠥᠷ ᠰᠦᠷᠯᠢᠭ ᠢ ᠮᠡᠳᠡᠷᠡᠵᠦ᠂ ᠮᠢᠩ ᠰᠢᠩ ᠨᠠᠭᠤᠷ ᠤᠨ ᠤᠰᠤ ᠨᠢ ᠳᠣᠯᠭᠢᠶᠠᠯᠠᠨ᠂ ᠨᠡᠭᠦᠳᠡᠯ ᠤᠨ ᠰᠢᠪᠠᠭᠤᠳ ᠬᠤᠷᠠᠨ ᠴᠤᠭᠯᠠᠷᠠᠬᠤ ᠶᠢ ᠰᠣᠨᠢᠷᠬᠠᠵᠤ᠂ ᠪᠤᠤ ᠱᠢ ᠶᠢᠨ ᠨᠠᠭᠤᠷ ᠤᠨ ᠬᠠᠰᠢᠯᠭ᠎ᠠ ᠶᠢᠨ ᠳᠣᠤᠷᠠᠬᠢ ᠲᠠᠯ᠎ᠠ ᠨᠤᠲᠤᠭ ᠤᠨ ᠭᠤᠶᠣ ᠦᠵᠡᠮᠵᠢ᠂ ᠪᠠᠶᠢᠭᠠᠯᠢ ᠶᠢᠨ ᠨᠣᠮᠢᠨ ᠪᠤᠷᠭᠠᠰᠤ ᠶᠢ ᠰᠣᠨᠢᠷᠬᠠᠵᠤ᠂ ᠰᠠᠶᠢᠨᠬᠤᠸᠠᠷ᠂ ᠱᠤ᠋ ᠭᠤᠸᠠᠩ ᠬᠦᠷᠢᠶᠡᠯᠡᠩ ᠲᠣᠭᠤᠷᠢᠭ ᠤᠨ ᠲᠡᠭᠦᠬᠦ ᠪᠠᠶᠠᠷ ᠴᠡᠩᠭᠡᠯ ᠢ ᠮᠡᠳᠡᠷᠡᠵᠦ ᠪᠣᠯᠤᠨ᠎ᠠ᠃    ᠠᠭᠠᠷ ᠲᠣᠬᠢᠷᠠᠭᠤᠯᠤᠭᠴᠢ ᠶᠢ ᠲᠤᠷᠰᠢᠬᠤ᠂ ᠴᠥᠭᠦᠷᠥᠮ ᠳᠤ ᠤᠰᠤ ᠣᠷᠣᠭᠤᠯᠬᠤ᠂ ᠵᠣᠴᠢᠳ ᠤᠨ ᠥᠷᠥᠭᠡ ᠶᠢ ᠴᠡᠪᠡᠷᠯᠡᠬᠦ ᠠᠵᠢᠯ᠂ ︿ᠲᠠᠪᠤᠨ ᠰᠠᠷ᠎ᠠ ᠶᠢᠨ ᠨᠢᠭᠡᠨ﹀ ᠤ ᠠᠮᠠᠷᠠᠯᠲᠠ ᠶᠢᠨ ᠬᠤᠭᠤᠴᠠᠭ᠎ᠠ ᠣᠶᠢᠷᠠᠲᠤᠬᠤ ᠶᠢ ᠳᠠᠭᠠᠯᠳᠤᠨ᠂ ᠣᠯᠠᠨ ᠤ ᠠᠩᠬᠠᠷᠤᠯ ᠢ ᠲᠠᠲᠠᠭᠰᠠᠨ ᠲᠦᠴᠢᠦᠸᠠᠨ ᠰᠢᠶᠠᠨ ᠤ ᠡᠪᠦᠭᠡᠨ ᠠᠭᠤᠯᠠᠨ ᠤ ᠤᠢ ᠰᠢᠭᠤᠢ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠤᠭᠴᠠ ᠶᠢᠨ ᠵᠢᠭᠤᠯᠴᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠪᠠ᠃
   ᠲᠦᠴᠢᠦᠸᠠᠨ ᠰᠢᠶᠠᠨ ᠤ ᠡᠪᠦᠭᠡᠨ ᠠᠭᠤᠯᠠᠨ ᠤ ᠤᠢ ᠰᠢᠭᠤᠢ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠣᠭᠴᠠ  ᠨᠢ ᠪᠤᠤ ᠱᠢ ᠪᠠᠯᠭᠠᠰᠤᠨ ᠳᠤ ᠪᠠᠶᠢᠷᠢᠯᠠᠵᠤ᠂ ᠯᠣᠤ ᠳᠧᠦ ᠱᠠᠨ ᠤ ᠪᠠᠶᠢᠭᠠᠯᠢ ᠶᠢᠨ ᠥᠩᠭᠡ ᠦᠵᠡᠮᠵᠢ ᠶᠢᠨ ᠲᠣᠭᠤᠷᠢᠨ  ᠳᠤ᠂ ︽ᠦᠵᠡᠮᠵᠢ ᠶᠢᠨ ᠣᠷᠣᠨ + ᠬᠤᠨᠤᠭ ᠪᠠᠭᠤᠳᠠᠯ︾ ᠤᠨ ᠠᠭᠤᠰᠤᠯᠴᠠᠯ ᠢᠶᠠᠷ ᠬᠥᠭᠵᠢᠯᠲᠡ ᠶᠢᠨ ᠵᠠᠭᠪᠤᠷ ᠪᠣᠯᠭᠠᠪᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠂ ᠶᠤᠸᠠᠨ ᠸᠧᠶ ᠣᠶ ᠰᠢᠭᠤᠶ ᠶᠢᠨ ᠠᠮᠲᠠᠲᠤ ᠢᠳᠡᠭᠡᠨ ᠤ ᠬᠦᠷᠢᠶᠡᠯᠡᠩ᠂ ᠰᠧᠨ ᠲᠠᠩ SPA᠂ ᠣᠶ ᠰᠢᠭᠤᠶ ᠶᠢᠨ ᠳᠠᠭᠤᠤ ᠬᠥᠭᠵᠢᠮᠲᠦ ᠵᠦᠯᠭᠡ᠂ ᠠᠭᠤᠯᠠ ᠴᠢᠯᠠᠭᠤᠨ ᠤ ᠲᠠᠭᠤᠨ ᠵᠦᠴᠦᠭᠡ ᠶᠢᠨ ᠲᠢᠶᠠᠲᠷ ᠲᠠᠢ ᠪᠠᠶᠢᠵᠤ᠂ ᠵᠤᠭᠠᠴᠠᠭᠰᠠᠳ ᠠᠳᠡ ᠠᠭᠤᠯᠠ ᠠᠪᠠᠷᠢᠨ ᠠᠯᠤᠰ ᠢ ᠪᠡᠷᠡᠯᠡᠵᠦ᠂ ᠬᠠᠪᠤᠷ ᠤᠨ ᠵᠢᠰᠢᠭᠦᠦ ᠨᠠᠷᠠ ᠶᠢ ᠰᠣᠨᠢᠷᠬᠠᠨ᠂ ᠡᠪᠦᠭᠡᠨ ᠠᠭᠤᠯᠠ ᠶᠢᠨ ᠭᠠᠵᠠᠷ ᠤᠨ ᠪᠠᠶᠢᠴᠠ ᠶᠢᠨ ᠣᠨᠴᠠᠯᠢᠭ᠂ ᠤᠰᠤᠨ ᠵᠢᠷᠤᠭᠠᠰᠤᠲᠤ ᠠᠭᠤᠷ ᠠᠮᠢᠰᠬᠤᠯ᠂ ᠵᠢᠭᠦᠷᠲᠡᠨ ᠠᠷᠢᠶᠠᠲᠠᠨ ᠵᠢᠭᠠᠰᠤ ᠬᠤᠷᠣᠬᠠᠶ ᠶᠢ ᠣᠶᠢᠯᠠᠭᠠᠵᠤ᠂ ᠪᠠᠶᠢᠭᠠᠯᠢ ᠶᠢ ᠬᠠᠶᠢᠨ ᠰᠢᠨᠵᠢᠯᠡᠵᠦ᠂ ᠠᠮᠢ ᠠᠬᠤᠶ ᠶᠢᠨ ᠭᠤᠸ᠎ᠠ ᠰᠠᠶᠢᠬᠠᠨ ᠢ ᠮᠡᠳᠡᠷᠡᠵᠦ ᠪᠣᠯᠤᠨ᠎ᠠ᠃
   ᠲᠦᠴᠢᠦᠸᠠᠨ ᠰᠢᠶᠠᠨ ᠤ ᠡᠪᠦᠭᠡᠨ ᠠᠭᠤᠯᠠᠨ ᠤ ᠤᠢ ᠰᠢᠭᠤᠢ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠤᠭᠴᠠ ᠶᠢᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠫᠢᠩ ᠨᠦᠸᠧ ᠲᠠᠨᠢᠯᠴᠠᠭᠤᠯᠬᠤ ᠳᠠᠭᠠᠨ᠄ ︽ᠪᠢᠳᠡ ᠣᠳᠣ ᠶᠠᠭ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ ᠱᠠᠲᠤᠨ ᠳᠤ ᠪᠠᠶᠢᠨ᠎ᠠ᠂ ᠶᠡᠷᠦᠩᠬᠡᠶᠢᠯᠡᠭᠰᠡᠨ ᠴᠣᠭᠴᠠ ᠨᠢ ︿ᠲᠠᠪᠤᠨ ᠰᠠᠷ᠎ᠠ ᠶᠢᠨ ᠨᠢᠭᠡᠨ﹀ ᠳᠤ ᠵᠢᠩᠬᠢᠨᠢ ᠪᠠᠷ ᠨᠡᠭᠡᠭᠡᠬᠦ ᠪᠣᠯᠤᠨ᠎ᠠ᠂ ᠵᠢᠭᠤᠯᠴᠢᠯᠠᠭᠴᠢᠳ ᠲᠤ ᠨᠡᠩ ᠰᠠᠶᠢᠨ ᠥᠩᠭᠡᠷᠡᠯᠲᠡ ᠣᠯᠭᠤᠬᠤ ᠶᠢᠨ ᠲᠥᠯᠥᠭᠡ᠂ ᠪᠢᠳᠡ ᠪᠠᠰᠠ 10 ᠵᠢᠭᠤᠯᠴᠢᠯᠠᠯ ᠤᠨ ᠲᠡᠷᠭᠡ ᠬᠤᠳᠠᠯᠳᠤᠨ ᠠᠪᠴᠤ᠂ ᠣᠶ ᠰᠢᠭᠤᠶ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠤᠭᠴᠠ ᠠᠴᠠ ᠰᠢᠭᠤᠳ ᠡᠪᠦᠭᠡᠨ ᠠᠭᠤᠯᠠᠨ ᠤ ᠡᠯ᠎ᠡ ᠦᠵᠡᠮᠵᠢ ᠶᠢᠨ ᠤᠷᠤᠨ ᠳᠤ ᠬᠦᠷᠴᠦ᠂ ᠵᠢᠭᠤᠯᠴᠢᠯᠠᠭᠴᠢᠳ ᠲᠤ ᠡᠬᠡ ᠪᠠᠶᠢᠭᠠᠯᠢ ᠶᠢᠨ ᠥᠩᠭᠡ ᠦᠵᠡᠮᠵᠢ ᠶᠢ ᠮᠡᠳᠡᠷᠡᠭᠦᠯᠵᠦ᠂ ᠰᠠᠶᠢᠨ ᠰᠠᠶᠢᠬᠠᠨ ᠪᠡᠶᠡᠴᠢᠯᠡᠨ ᠣᠶᠢᠯᠠᠭᠠᠬᠤ ᠲᠥᠷᠥᠭᠳᠡᠯ ᠲᠠᠢ ᠪᠣᠯᠭᠠᠨ᠎ᠠ᠃︾ ᠭᠡᠪᠡ᠃
   ᠰᠠᠶᠢᠨᠬᠤᠸᠠᠷ ᠣᠲᠣ ᠦᠶ᠎ᠡ ᠶᠢᠨ ᠲᠠᠷᠢᠶᠠᠯᠠᠩ ᠤᠨ ᠠᠮᠢ ᠠᠬᠤᠶ ᠶᠢᠨ ᠬᠦᠷᠢᠶᠡᠯᠡᠩ ᠲᠣᠭᠤᠷᠢᠭ ᠲᠤ ᠣᠷᠣᠪᠠᠯ᠂ ᠵᠠᠮ ᠳᠠᠭᠠᠤ ᠪᠠᠶᠢᠭᠤᠯᠤᠭᠰᠠᠨ ᠪᠠᠷᠢᠮᠵᠢᠶᠠᠵᠢᠭᠰᠠᠨ ᠲᠥᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠶᠢᠨ ᠳᠣᠲᠣᠷ᠎ᠠ ᠨᠢ ᠠᠳᠠᠯᠢ ᠪᠤᠰᠤ ᠦᠵᠡᠮᠵᠢ ᠬᠠᠷᠠᠭᠳᠠᠨ᠎ᠠ᠃ ᠬᠦᠯᠡᠮᠵᠢ ᠳᠣᠲᠣᠷᠠᠬᠢ ᠣᠳᠣᠬᠢᠴᠢᠯᠠᠭᠰᠠᠨ ᠪᠣᠶᠢᠵᠢᠭᠤᠯᠬᠤ ᠲᠥᠬᠦᠭᠡᠷᠦᠮᠵᠢ ᠴᠥᠮ ᠪᠦᠷᠢᠨ ᠪᠠᠶᠢᠵᠤ᠂ ᠭᠦᠵᠡᠯᠵᠡᠭᠡᠨ᠎ᠡ᠂ ᠦᠵᠦᠮ᠂ ᠲᠣᠮᠣ ᠢᠩᠲᠣᠣᠷ᠂ ᠬᠤᠯᠤᠰᠤᠨ ᠰᠦᠶ᠎ᠡ ᠵᠡᠷᠭᠡ ᠣᠯᠠᠨ ᠵᠦᠶᠯ ᠤᠨ ᠵᠢᠮᠢᠰ ᠢᠳᠡᠰᠢᠨ ᠨᠣᠭᠤᠭ᠎ᠠ ᠥᠷᠨᠢᠭᠦᠨ ᠢᠶᠠᠷ ᠤᠷᠭᠤᠵᠤ ᠪᠠᠶᠢᠨ᠎ᠠ᠃    ᠬᠦᠷᠢᠶᠡᠯᠡᠩ ᠲᠣᠭᠤᠷᠢᠭ ᠳᠣᠲᠣᠷᠠᠬᠢ ᠢᠩᠲᠣᠣᠷ ᠲᠡᠭᠦᠬᠦ ᠬᠦᠯᠡᠮᠵᠢ ᠳᠤ᠂ ᠭᠢᠯᠲᠠᠭᠠᠨᠠᠮ᠎ᠠ ᠤᠯᠠᠭᠠᠨ ᠢᠩᠲᠣᠣᠷ ᠰᠠᠯᠠᠭ᠎ᠠ ᠨᠠᠮᠠᠭ᠎ᠠ ᠪᠠᠷ ᠳᠦᠭᠦᠷᠴᠦ᠂ ᠨᠣᠭᠤᠭᠠᠨ ᠨᠠᠪᠴᠢᠰ ᠢᠶᠠᠷ ᠪᠦᠷᠬᠦᠵᠦ᠂ ᠪᠥᠭᠡᠮ ᠪᠥᠭᠡᠮ᠂ ᠬᠡᠯᠬᠢᠶ᠎ᠡ ᠬᠡᠯᠬᠢᠶ᠎ᠡ ᠢᠩᠲᠣᠣᠷ ᠨᠢ ᠬᠦᠮᠦᠰ ᠤᠨ ᠰᠢᠯᠦᠰᠦ ᠶᠢ ᠭᠤᠭᠤᠵᠢᠭᠤᠯᠤᠨ᠎ᠠ᠃ ᠠᠶᠢᠮᠠᠭ ᠤᠨ ᠳᠣᠲᠣᠨ᠎ᠠ ᠭᠠᠳᠠᠨᠠᠬᠢ ᠵᠢᠭᠤᠯᠴᠢᠳ ᠢᠩᠲᠣᠣᠷ ᠮᠣᠳᠣᠨ ᠤ ᠳᠣᠤᠷ᠎ᠠ ᠰᠦᠯᠵᠢᠯᠳᠦᠵᠦ᠂ ᠰᠢᠨ᠎ᠡ ᠰᠣᠷᠭᠤᠭ ᠢ ᠠᠮᠲᠠᠯᠠᠬᠤ ᠪᠤᠶᠤ ᠲᠡᠭᠦᠵᠦ᠂ ᠰᠠᠶᠢᠨ ᠰᠠᠶᠢᠬᠠᠨ ᠴᠠᠭ ᠮᠥᠴᠡ ᠶᠢ ᠡᠳ᠋ᠯᠡᠨ᠎ᠡ᠃
   ︽ᠠᠳᠡᠬᠢ ᠢᠩᠲᠣᠣᠷ ᠤᠨ ᠪᠡᠶ᠎ᠡ ᠨᠢ ᠲᠣᠮᠣ᠂ ᠥᠩᠭᠡ ᠨᠢ ᠬᠢᠯᠠᠭᠠᠷ᠂ ᠮᠢᠬ᠎ᠠ ᠨᠢ ᠵᠤᠵᠠᠭᠠᠨ᠂ ᠠᠮᠲᠠ ᠨᠢ ᠰᠢᠬᠢᠷᠯᠢᠭ᠂ ᠠᠮᠲᠠᠲᠠᠶ ᠵᠡᠷᠭᠡ ᠣᠨᠴᠠᠯᠢᠭ ᠲᠠᠢ᠂ ᠪᠢ ᠵᠢᠯ ᠪᠦᠷᠢ ᠲᠤᠰᠬᠠᠶᠢᠯᠠᠨ ᠢᠷᠡᠵᠦ ᠲᠡᠭᠦᠵᠦ ᠲᠥᠷᠥᠯ ᠰᠠᠳᠤᠨ ᠨᠠᠶᠢᠵᠠ ᠨᠥᠬᠦᠳ ᠲᠡᠭᠡᠨ ᠬᠦᠷᠭᠡᠳᠡᠭ᠂ ᠲᠠᠳᠠ ᠪᠠᠰᠠ ᠢᠳᠡᠬᠦ ᠳᠤᠷᠠᠲᠠᠶ᠃︾ ᠭᠡᠵᠦ ᠵᠢᠭᠤᠯᠴᠢᠯᠠᠭᠴᠢ ᠸᠠᠩ ᠰᠢᠨ ᠢᠤᠢ ᠬᠡᠯᠡᠪᠡ᠃    ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠲᠠᠷᠢᠶᠠᠯᠠᠩ  ᠤᠨ ᠲᠣᠮᠣ ᠰᠢᠶᠠᠨ ᠤ ᠳᠠᠪᠠᠭᠤᠯᠢᠭ ᠲᠠᠭᠠᠨ ᠲᠦᠰᠢᠭᠯᠡᠨ᠂ ᠬᠥᠳᠡᠭᠡ ᠨᠤᠲᠤᠭ ᠤᠨ ᠥᠩᠭᠡ ᠦᠵᠡᠮᠵᠢ᠂ ᠲᠠᠷᠢᠶᠠᠯᠠᠬᠤ ᠪᠣᠯᠪᠠᠰᠤᠨ ᠵᠡᠷᠭᠡ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠠᠭᠤᠳᠠᠯᠤᠨ ᠠᠰᠢᠭᠯᠠᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠢ ᠳᠣᠪᠣᠶᠢᠯᠭᠠᠵᠤ᠂ ᠬᠤᠲᠠ ᠪᠣᠯᠤᠨ ᠬᠥᠳᠡᠭᠡ ᠲᠣᠰᠬᠤᠨ ᠢ ᠬᠠᠷᠢᠯᠴᠠᠨ ᠦᠶᠯᠡᠳᠦᠯᠴᠡᠭᠦᠯᠵᠦ᠂ ᠲᠣᠭᠤᠷᠢᠨ ᠦᠵᠡᠵᠦ ᠲᠡᠭᠦᠬᠦ ᠪᠠ ᠲᠦᠬᠦᠭᠡᠷᠦᠮᠵᠢᠲᠦ ᠲᠠᠷᠢᠶᠠᠯᠠᠩ ᠢ ᠲᠦᠷᠭᠡᠨ ᠬᠥᠭᠵᠢᠭᠦᠯᠵᠦ᠂ ᠳᠥᠷᠪᠡᠨ ᠤᠯᠠᠷᠢᠯ ᠳᠤ ᠴᠥᠮ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠲᠡᠭᠦᠵᠦ ᠪᠣᠯᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠠᠬᠢᠭᠤᠯᠪᠠ᠃
   ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠤ ᠬᠦᠯᠡᠮᠵᠢ ᠶᠢᠨ ᠶᠡᠷᠦᠩᠬᠡᠢ ᠲᠤᠭ᠎ᠠ 5376 ᠰᠠᠭᠤᠷᠢ ᠪᠠᠶᠢᠵᠤ᠂ ᠶᠡᠷᠦᠩᠬᠡᠢ ᠲᠠᠯᠠᠪᠠᠢ ᠨᠢ 330 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠳᠤ ᠬᠦᠯᠡᠮᠵᠢ ᠶᠢᠨ ᠫᠧᠩ 4576 ᠰᠠᠭᠤᠷᠢ᠂ ᠬᠦᠢᠲᠡᠨ ᠫᠧᠩ 800 ᠰᠠᠭᠤᠷᠢ ᠪᠠᠶᠢᠵᠤ᠂ ᠤᠯᠠᠷᠢᠯ ᠰᠥᠷᠬᠦ ᠢᠳᠡᠰᠢᠨ ᠨᠣᠭᠤᠭ᠎ᠠ ᠶᠢᠨ ᠵᠢᠯ ᠤᠨ ᠭᠠᠷᠤᠯᠲᠠ 5.8 ᠲᠦᠮᠡᠨ ᠲᠣᠨ ᠣᠷᠴᠢᠮ ᠪᠠᠶᠳᠠᠭ᠃    ᠮᠢᠩ ᠰᠢᠩ ᠨᠠᠭᠤᠷ ᠤᠨ ᠵᠤᠭᠠᠴᠠᠯ ᠤᠨ ᠣᠷᠣᠨ ᠳᠤ ᠬᠦᠷᠴᠦ ᠢᠷᠡᠬᠦ ᠳᠤ᠂ ᠠᠪᠤᠷᠭᠤ ᠲᠣᠮᠣ ᠪᠣᠯᠣᠳ ᠪᠦᠲᠦᠴᠡᠲᠦ ᠬᠠᠯᠢᠮᠤ ᠶᠢᠨ ᠰᠡᠭᠦᠯ ᠨᠢ ᠭᠠᠵᠠᠷ ᠤᠨ ᠭᠠᠳᠠᠷᠭᠤ ᠠᠴᠠ ᠴᠤᠬᠤᠶᠢᠵᠤ᠂ ᠨᠣᠮᠢᠨ ᠨᠣᠭᠤᠭᠠᠨ ᠨᠠᠭᠤᠷ ᠤᠨ ᠤᠰᠤ ᠠᠷᠯᠠᠨ ᠢᠷᠠᠯᠵᠠᠵᠤ᠂ ᠬᠡᠳᠦᠨ ᠮᠢᠩᠭᠠᠨ ᠬᠠᠯᠢᠭᠤᠨ ᠭᠠᠯᠠᠭᠤ᠂ ᠬᠤᠨ ᠭᠠᠯᠠᠭᠤ᠂ ᠨᠤᠭᠤᠰᠤ ᠨᠠᠭᠤᠷ ᠳᠡᠭᠡᠷ᠎ᠡ ᠬᠥᠯ ᠲᠣᠭᠲᠠᠨ ᠠᠮᠢᠳᠤᠷᠠᠵᠤ᠂ ᠬᠠᠶᠠ ᠳᠠᠭᠠᠨ ᠤᠰᠤᠨ ᠤ ᠭᠠᠳᠠᠷᠭᠤ ᠳᠤ ᠨᠠᠭᠠᠳᠤᠨ ᠲᠣᠭᠯᠠᠵᠤ᠂ ᠭᠤᠴᠣ ᠰᠠᠶᠢᠬᠠᠨ ᠠᠭᠤᠯᠠ ᠤᠰᠤᠨ ᠤ ᠵᠢᠷᠤᠭ ᠢ ᠪᠦᠷᠢᠯᠳᠦᠭᠦᠯᠵᠡᠶ᠃
   ᠲᠩᠷᠢ ᠳᠤᠯᠠᠭᠠᠷᠠᠬᠤ ᠶᠢ ᠳᠠᠭᠠᠯᠳᠤᠨ᠂ ᠴᠥᠭᠡᠨ ᠪᠤᠰᠤ ᠵᠤᠭᠠᠴᠠᠭᠰᠠᠳ ᠮᠠᠰᠢᠨ ᠲᠡᠷᠭᠡ ᠪᠠᠷ ᠮᠢᠩ ᠰᠢᠩ ᠨᠠᠭᠤᠷ  ᠤᠨ ᠬᠥᠪᠡᠭᠡᠨ ᠳᠤ ᠢᠷᠡᠵᠦ᠂ ᠵᠢᠭᠠᠰᠤ ᠭᠥᠬᠢᠳᠡᠨ ᠬᠡᠭᠡᠷ᠎ᠡ ᠬᠤᠭᠤᠯᠠᠯᠠᠵᠤ᠂ ᠬᠤᠶᠠᠷ ᠭᠤᠷᠪᠠᠨ ᠰᠠᠶᠢᠨ ᠨᠠᠶᠢᠵᠠ ᠲᠠᠢ  ᠪᠠᠨ ᠬᠥᠭᠡᠷᠦᠯᠳᠦᠨ ᠨᠠᠭᠠᠳᠤᠨ᠎ᠠ᠃ ᠤᠯᠠᠭᠠᠨᠬᠤᠲᠠ ᠠᠴᠠ ᠢᠷᠡᠭᠰᠡᠨ ᠵᠤᠭᠠᠴᠠᠭᠰᠠᠳ ᠬᠤᠸᠠᠩ ᠶᠠᠩ ᠶᠠᠩ ᠥᠷᠯᠥᠭᠡ ᠡᠷᠲᠡ ᠠᠪᠤ ᠡᠵᠢ ᠲᠠᠢ ᠪᠠᠨ ᠬᠠᠮᠲᠤ ᠮᠢᠩ ᠰᠢᠩ ᠨᠠᠭᠤᠷ ᠳᠡᠭᠡᠷ᠎ᠡ ᠢᠷᠡᠵᠦ᠂ ᠨᠠᠭᠤᠷ ᠤᠨ ᠬᠥᠪᠡᠭᠡᠨ ᠳᠤ ᠮᠠᠶᠢᠬᠠᠨ ᠪᠣᠰᠬᠠᠵᠤ᠂ ᠭᠤᠶᠤ ᠦᠵᠡᠮᠵᠢ ᠶᠢ ᠪᠦᠬᠦᠨ ᠢ ᠣᠯᠵᠤ ᠦᠵᠡᠪᠡ᠃    ︽ᠥᠨᠥᠳᠦᠷ ᠠᠪᠤ ᠡᠵᠢ ᠲᠠᠢ ᠪᠠᠨ ᠠᠳᠡ ᠢᠷᠡᠵᠦ ᠨᠠᠭᠠᠳᠤᠭᠠᠳ ᠮᠠᠰᠢ ᠣᠯᠠᠨ ᠨᠡᠭᠦᠳᠡᠯ ᠤᠨ ᠰᠢᠪᠠᠭᠤ ᠶᠢ ᠣᠯᠵᠤ ᠬᠠᠷᠠᠵᠠᠢ᠂ ᠪᠠᠰᠠ ᠬᠡᠭᠡᠷ᠎ᠡ ᠶᠢᠨ ᠵᠢᠭᠠᠰᠤ ᠢᠳᠡᠵᠡᠢ᠂ ᠠᠩᠬ᠎ᠠ ᠤᠳᠠᠭ᠎ᠠ ᠵᠢᠭᠠᠰᠤᠨ ᠮᠢᠬ᠎ᠠ ᠪᠠᠷ ᠬᠢᠭᠰᠡᠨ ᠲᠣᠭᠤᠭᠠᠨ ᠳᠤ ᠰᠢᠷᠠᠭᠰᠠᠨ ᠮᠢᠬ᠎ᠠ ᠶᠢ ᠢᠳᠡᠵᠡᠢ᠂ ᠲᠤᠩ ᠠᠮᠲᠠᠲᠠᠢ᠂ ︽ᠲᠠᠪᠤᠨ ᠰᠠᠷ᠎ᠠ ᠶᠢᠨ ᠨᠢᠭᠡᠨ︾ ᠲᠤ ᠪᠠᠰᠠ ᠠᠪᠤ ᠡᠵᠢ ᠪᠠᠷ ᠢᠶᠠᠨ ᠨᠠᠳᠠ ᠶᠢ ᠳᠠᠭᠠᠭᠤᠯᠵᠤ ᠨᠠᠭᠠᠳᠤᠭᠤᠯᠤᠨ᠎ᠠ᠃︾ ᠭᠡᠵᠦ ᠵᠢᠭᠤᠯᠴᠢᠨ ᠬᠤᠸᠠᠩ ᠶᠠᠩ ᠶᠠᠩ ᠬᠡᠯᠡᠪᠡ᠃
   ᠮᠢᠩ ᠱᠢᠩ ᠨᠠᠭᠤᠷ ᠤᠨ ᠵᠢᠭᠤᠯᠴᠢᠯᠠᠯ ᠠᠮᠠᠷᠠᠯᠲᠠ ᠶᠢᠨ ᠣᠷᠣᠨ ᠨᠢ ᠵᠡᠭᠦᠨ ᠳᠥᠷᠥᠯᠵᠢ ᠪᠠᠯᠭᠠᠰᠤ ᠶᠢᠨ ᠮᠢᠩ ᠰᠢᠩ ᠲᠣᠰᠬᠤᠨ ᠳᠤ ᠪᠠᠶᠢᠷᠢᠯᠠᠵᠤ᠂ ᠬᠥᠳᠡᠭᠡ ᠲᠣᠰᠬᠤᠨ ᠤ ᠣᠨᠴᠠᠯᠢᠭ᠂ ᠵᠢᠭᠠᠰᠤᠨ ᠠᠵᠤ ᠠᠬᠤᠶ ᠶᠢᠨ ᠡᠬᠢ ᠪᠠᠶᠠᠯᠢᠭ᠂ ᠡᠴᠢᠭᠡ ᠡᠬᠡ ᠦᠷ᠎ᠡ ᠬᠡᠦᠬᠡᠳ ᠤᠨ ᠰᠡᠯᠡᠭᠦᠴᠡᠯ ᠵᠡᠷᠭᠡ ᠣᠨᠴᠠᠯᠢᠭ ᠢ ᠭᠦᠨᠵᠡᠭᠡᠶ ᠠᠭᠤᠳᠠᠯᠵᠤ᠂ ᠣᠳᠣᠲᠤ ᠨᠠᠭᠤᠷ ᠤᠨ ᠠᠮᠢ ᠠᠬᠤᠶ ᠪᠠᠷ ᠰᠠᠭᠤᠷᠢ ᠪᠣᠯᠭᠠᠵᠤ᠂ ᠬᠥᠳᠡᠭᠡ ᠲᠣᠰᠬᠤᠨ ᠤ ᠥᠩᠭᠡ ᠳᠦᠷᠰᠦ ᠶᠢ ᠥᠭᠡᠷᠡᠴᠢᠯᠡᠬᠦ  ᠪᠠᠷ ᠳᠠᠮᠵᠢᠭᠤᠯᠤᠨ᠂ ᠪᠦᠷᠢᠨ ᠲᠡᠭᠦᠯᠳᠡᠷ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠰᠠᠭᠤᠷᠢ ᠪᠡᠯᠡᠳᠬᠡᠮᠵᠢ ᠶᠢ ᠲᠥᠬᠦᠷᠵᠢᠭᠦᠯᠦᠭᠰᠡᠨ ᠤ ᠬᠠᠮᠲᠤ᠂ ᠡᠴᠢᠭᠡ ᠡᠬᠡ ᠦᠷ᠎ᠡ ᠬᠡᠦᠬᠡᠳ ᠤᠨ ᠰᠡᠯᠡᠭᠦᠴᠡᠯ ᠤᠨ ᠡᠵᠡᠩᠨᠡᠯᠲᠡ ᠶᠢᠨ ᠪᠠᠶᠢᠳᠠᠯ  ᠳᠤ ᠣᠷᠣᠭᠤᠯᠤᠨ᠂ ᠬᠥᠳᠡᠭᠡ ᠲᠣᠰᠬᠤᠨ᠂ ᠵᠢᠭᠠᠰᠤᠨ ᠠᠵᠤ ᠠᠬᠤᠶ᠂ ᠡᠴᠢᠭᠡ ᠡᠬᠡ ᠦᠷ᠎ᠡ ᠬᠡᠦᠬᠡᠳ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠣᠲᠣ ᠶᠢᠨ ᠪᠠᠶᠢᠭ᠎ᠠ ᠲᠤᠲᠤᠷᠭ᠎ᠠ ᠶᠢᠨ ᠲᠠᠷᠢᠶ᠎ᠠ᠂ ᠠᠮᠲᠠᠲᠤ ᠬᠡᠮᠬᠡ ᠵᠡᠷᠭᠡ ᠠᠵᠤ ᠦᠶᠯᠡᠰ ᠵᠢᠴᠢ ᠤᠰᠤᠨ ᠭᠠᠳᠠᠷᠭᠤ ᠶᠢᠨ ᠡᠬᠢ ᠪᠠᠶᠠᠯᠢᠭ ᠢ ᠠᠰᠢᠭᠯᠠᠨ᠂ ᠲᠠᠷᠢᠶᠠᠯᠠᠩ ᠤᠨ ᠠᠵᠤ ᠦᠶᠯᠡᠰ ᠬᠢᠭᠡᠳ ᠠᠮᠲᠠᠲᠤ ᠢᠳᠡᠭᠡᠨ ᠭᠤᠶᠣ ᠦᠵᠡᠮᠵᠢ᠂ ᠰᠡᠯᠡᠭᠦᠴᠡᠯ ᠵᠢᠭᠤᠯᠴᠢᠯᠠᠯ ᠵᠡᠷᠭᠡ ᠠᠵᠤ ᠦᠶᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂᠃ ᠭᠤᠤᠯᠳᠠᠭᠤ ᠮᠤᠤ ᠢ ᠰᠢᠶᠠᠩ ᠭᠤᠳᠤᠮᠵᠢ  ᠢᠤᠢ ᠳ᠋ᠢᠩ ᠠᠮᠲᠠᠲᠤ ᠢᠳᠡᠭᠡᠨ ᠤ ᠵᠡᠭᠡᠯᠢ᠂ ᠨᠠᠷᠠᠨ ᠭᠡᠷᠡᠯᠳᠦ ᠡᠯᠡᠰᠦᠨ ᠲᠠᠩ᠂ ᠱᠦᠶ ᠮᠧᠶ ᠷᠧᠨ ᠵᠢᠶᠠ᠂ ᠲᠤᠲᠤᠷᠭ᠎ᠠ ᠨᠠᠢᠮᠠᠯᠵᠢ ᠶᠢᠨ ᠴᠡᠴᠡᠷᠯᠢᠭ ᠵᠡᠷᠭᠡ ᠳᠥᠷᠪᠡᠨ ᠲᠣᠭᠤᠷᠢᠭ ᠬᠤᠪᠢᠶᠠᠵᠤ᠂ ᠠᠭᠤᠯᠭ᠎ᠠ ᠨᠢ ᠣᠩᠭᠤᠴᠠ ᠪᠠᠭᠤᠳᠠᠯ᠂ ᠶᠤᠸᠠᠨ ᠶᠤᠸᠠᠢ ᠬᠤᠭᠤᠯᠠᠨ ᠲᠢᠩᠬᠢᠮ᠂ ᠰᠦᠯᠵᠢᠶᠡᠨ ᠬᠠᠯᠠᠮᠰᠢᠯ ᠥᠷᠲᠡᠭᠡ᠂ ᠬᠠᠯᠢᠮᠤ ᠵᠢᠭᠠᠰᠤᠨ ᠤ ᠦᠰᠦᠷᠦᠯᠲᠡ ᠵᠡᠷᠭᠡ ᠣᠨᠴᠠᠯᠢᠭᠲᠤ ᠵᠢᠭᠤᠯᠴᠢᠯᠠᠯ ᠤᠨ ᠺᠠᠷᠲ ᠠᠪᠬᠤ ᠭᠠᠵᠠᠷ ᠪᠣᠯᠤᠨ᠎ᠠ᠃
   ᠣᠶᠢᠷ᠎ᠠ ᠶᠢᠨ ᠵᠢᠯ ᠠᠴᠠ ᠨᠠᠭᠠᠰᠢ᠂ ᠲᠦᠴᠢᠦᠸᠠᠨ ᠰᠢᠶᠠᠨ ᠲᠠᠷᠢᠶᠠᠯᠠᠩ ᠤᠨ ᠲᠣᠮᠣ ᠰᠢᠶᠠᠨ ᠤ ᠳᠠᠪᠠᠭᠤᠯᠢᠭ  ᠲᠠᠭᠠᠨ ᠲᠦᠰᠢᠭᠯᠡᠨ᠂ ᠪᠠᠶᠠᠷ ᠳᠤᠷᠠᠰᠬᠠᠯ ᠤᠨ ᠨᠠᠷᠠᠲᠤ ᠲᠡᠮᠳᠡᠭ ᠢ ᠴᠢᠩᠭᠠᠳᠬᠠᠬᠤ᠂ ᠦᠵᠡᠮᠵᠢ ᠶᠢᠨ ᠣᠷᠣᠨ ᠤ ᠵᠢᠭᠰᠠᠭᠠᠯ ᠢ ᠪᠠᠬᠢᠵᠢᠭᠦᠯᠬᠦ ᠵᠡᠷᠭᠡ ᠠᠷᠭ᠎ᠠ ᠪᠣᠳᠣᠯᠭ᠎ᠠ ᠪᠠᠷ ᠳᠠᠮᠵᠢᠭᠤᠯᠤᠨ᠂ ︽ᠨᠢᠭᠡ ᠠᠭᠤᠯᠠ ᠬᠤᠶᠠᠷ ᠨᠠᠭᠤᠷ ᠬᠤᠶᠠᠷ ᠬᠦᠷᠢᠶᠡᠯᠡᠩ ᠳᠥᠷᠪᠡᠨ ᠣᠷᠳᠣᠨ ᠨᠢᠭᠡ ᠭᠤᠤᠯ ᠰᠡᠳᠦᠪᠲᠦ ᠴᠡᠴᠡᠷᠯᠢᠭ︾ ᠤᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠥᠪᠡᠷᠮᠢᠴᠡ ᠣᠨᠴᠠᠯᠢᠭ ᠪᠥᠬᠦᠶ ᠰᠢᠶᠠᠨ ᠤ ᠬᠡᠪᠴᠢᠶᠡᠨ  ᠤ ᠵᠢᠭᠤᠯᠴᠢᠯᠠᠯ ᠤᠨ ᠨᠠᠷᠠᠲᠤ ᠲᠡᠮᠳᠡᠭ ᠢ ᠪᠥᠬᠦ ᠬᠦᠴᠦᠨ ᠢᠶᠠᠷ ᠢᠶᠠᠨ ᠡᠭᠦᠳᠦᠭᠰᠡᠨ ᠪᠠᠶᠢᠨ᠎ᠠ᠃
   ︽ᠳᠤᠮᠳᠠᠳᠤ ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠭᠡᠬᠦ ᠢᠷᠠᠭᠤ ᠠᠯᠳᠠᠷ ᠲᠠᠢ ᠡᠪᠦᠭᠡᠨ ᠠᠭᠤᠯᠠᠨ ᠳᠤ ᠬᠠᠪᠤᠷ ᠤᠨ ᠡᠳᠦᠷ ᠤᠨ ᠡᠭᠦᠯᠡᠨ ᠳᠠᠯᠠᠢ ᠶᠢ ᠰᠣᠨᠢᠷᠬᠠᠵᠤ᠂ ᠥᠨᠳᠥᠷ ᠠᠭᠤᠯᠠᠨ ᠳᠤ ᠠᠪᠠᠷᠢᠵᠤ᠂ ᠡᠬᠡ ᠪᠠᠶᠢᠭᠠᠯᠢ ᠶᠢᠨ ᠤᠷᠠᠨ ᠨᠠᠷᠢᠨ ᠷᠢᠳᠢ ᠰᠢᠳᠢ ᠶᠢ ᠣᠶᠢᠯᠠᠭᠠᠪᠠ︔ ᠱᠤ᠋ ᠭᠤᠸᠠᠩ᠂ ᠰᠠᠶᠢᠨᠬᠤᠸᠠᠷ ᠬᠤᠶᠠᠷ ᠶᠡᠭᠡ ᠬᠦᠷᠢᠶᠡᠯᠡᠩ ᠲᠣᠭᠤᠷᠢᠭ ᠲᠤ᠂ ᠰᠢᠨ᠎ᠡ ᠰᠣᠷᠭᠤᠭ ᠵᠢᠮᠢᠰ ᠨᠣᠭᠤᠭ᠎ᠠ ᠲᠡᠭᠦᠵᠦ᠂ ᠳᠥᠷᠪᠡᠨ ᠤᠯᠠᠷᠢᠯ  ᠳᠤ ᠰᠢᠬᠢᠷᠯᠢᠭ ᠠᠮᠲᠠ ᠶᠢ ᠡᠳ᠋ᠯᠡᠵᠦ᠂ ᠲᠦᠴᠢᠦᠸᠠᠨ ᠰᠢᠶᠠᠨ ᠤ ᠬᠥᠳᠡᠭᠡ ᠲᠣᠰᠬᠤᠨ ᠤ ᠵᠢᠭᠤᠯᠴᠢᠯᠠᠯ ᠢ ᠠᠭᠤᠰᠤᠯᠴᠠᠭᠤᠯᠤᠭᠰᠠᠨ ︽ᠳᠥᠷᠪᠡᠨ ᠤᠯᠠᠷᠢᠯ ᠤᠨ ᠳᠠᠭᠤᠤ︾ ᠶᠢ ᠳᠠᠭᠤᠯᠠᠨ᠎ᠠ︔ ᠡᠪᠦᠭᠡᠨ ᠠᠭᠤᠯᠠ ᠤ ᠣᠢ ᠰᠢᠭᠤᠶ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠣᠭᠴᠠ ᠳᠤ᠂ ᠬᠤᠲᠠ ᠠᠴᠠ ᠬᠤᠯᠠ ᠪᠠᠶᠢᠬᠤ ᠱᠤᠤᠭᠢᠶᠠᠨ᠂ ᠪᠠᠶᠢᠭᠠᠯᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠯ ᠤᠨ ᠥᠪᠡᠷᠮᠢᠴᠡ ᠷᠢᠳᠢ ᠰᠢᠳᠢ ᠶᠢ ᠮᠡᠳᠡᠷᠡᠨ᠎ᠡ︔ ᠮᠢᠩ ᠰᠢᠩ ᠨᠠᠭᠤᠷ ᠤᠨ ᠵᠤᠭᠠᠴᠠᠯ ᠠᠮᠠᠷᠠᠯᠲᠠ ᠶᠢᠨ ᠣᠷᠣᠨ ᠳᠤ᠂ ᠬᠡᠭᠡᠷ᠎ᠡ ᠬᠤᠭᠤᠯᠠᠯᠠᠨ ᠬᠡᠭᠡᠷ᠎ᠡ ᠬᠤᠨᠣᠭᠯᠠᠵᠤ᠂ ᠲᠩᠷᠢ ᠶᠢᠨ ᠬᠠᠶᠠᠭᠠᠨ ᠳᠠᠬᠢ ᠲᠠᠰᠢᠭᠤ ᠨᠠᠷᠠ ᠶᠢ ᠬᠠᠷᠠᠵᠤ᠂ ︽ᠵᠢᠷᠤᠭ ᠤᠨ ᠳᠤᠮᠳᠠ ᠶᠠᠪᠤᠵᠤ᠂ ᠦᠵᠡᠮᠵᠢ ᠶᠢᠨ ᠳᠤᠮᠳᠠ ᠵᠢᠷᠤᠵᠤ ᠵᠢᠭᠤᠯᠴᠢᠯᠠᠬᠤ︾ ᠶᠢ ᠪᠡᠶᠡᠯᠡᠭᠦᠯᠦᠨ᠎ᠡ︔ ᠪᠤᠤ ᠱᠢ ᠨᠠᠭᠤᠷ ᠤᠨ ᠵᠤᠭᠠᠴᠠᠯ ᠤᠨ ᠦᠵᠡᠮᠵᠢ ᠶᠢᠨ ᠣᠷᠣᠨ ᠳᠤ᠂ ᠤᠷᠤᠰᠬᠠᠯ ᠲᠠᠭᠠᠨ ᠬᠠᠯᠭᠢᠯᠠᠨ ᠴᠠᠯᠭᠢᠯᠠᠵᠤ᠂ ᠠᠶᠢᠮᠠᠭ ᠤᠭᠰᠠᠭ᠎ᠠ ᠶᠢᠨ ᠠᠮᠲᠠᠲᠤ ᠢᠳᠡᠭᠡᠨ ᠢ ᠠᠮᠲᠠᠯᠠᠵᠤ᠂ ᠡᠷᠲᠡᠨ ᠤ ᠬᠤᠳᠠ ᠶᠢᠨ ᠮᠢᠩᠭᠠᠨ ᠵᠢᠯ ᠤᠨ ᠲᠡᠦᠬᠡ ᠶᠢᠨ ᠤᠯᠠ ᠮᠥᠷ ᠢ ᠪᠦᠷ ᠣᠯᠵᠤ ᠬᠠᠷᠠᠪᠠ︔ ᠲᠦᠴᠢᠦᠸᠠᠨ ᠤ ᠲᠡᠦᠬᠡ ᠰᠣᠶᠣᠯ ᠤᠨ ᠮᠦᠽᠧᠢ ᠳᠤ᠂ ᠭᠡᠷᠡᠯ ᠰᠡᠭᠦᠳᠡᠷ ᠤᠨ ᠬᠤᠪᠢᠷᠠᠯᠲᠠ ᠠᠴᠠ ᠯᠢᠶᠣᠤ ᠶᠢᠨ ᠤ ᠲᠡᠦᠬᠡ ᠶᠢ ᠣᠶᠢᠯᠠᠭᠠᠵᠤ᠂ ᠲᠦᠴᠢᠦᠸᠠᠨ ᠤ ᠬᠥᠭᠵᠢᠯᠲᠡ ᠶᠢᠨ ᠲᠡᠦᠬᠡᠨ ᠶᠠᠪᠤᠴᠠ ᠶᠢ ᠣᠶᠢᠯᠠᠭᠠᠵᠤ᠂ ᠰᠤᠳᠤᠷ ᠪᠢᠴᠢᠭ ᠲᠠᠬᠢ ᠦᠯᠢᠭᠡᠷ ᠢ ᠰᠣᠨᠣᠰᠪᠠ︔ ︽ᠯᠢ ᠴᠢᠤᠸᠠᠨ ᠤ ᠦᠯᠢᠭᠡᠷ ᠲᠦᠴᠢᠦᠸᠠᠨ ᠤ ᠭᠠᠷ ᠢᠶᠠᠷ ᠡᠭᠦᠳᠦᠯᠲᠡ︾ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠳᠤ᠂ ᠲᠦᠴᠢᠦᠸᠠᠨ ᠤ ᠲᠠᠷᠢᠶᠠᠯᠠᠬᠤ ᠰᠣᠶᠣᠯ ᠪᠠ ᠠᠷᠠᠳ ᠤᠨ ᠵᠠᠩ ᠦᠢᠯᠡ ᠶᠢᠨ ᠰᠣᠶᠣᠯ ᠢ ᠪᠡᠶᠡᠴᠢᠯᠡᠨ ᠣᠶᠢᠯᠠᠭᠠᠵᠠᠶ︔ ᠲᠦᠴᠢᠦᠸᠠᠨ ᠰᠢᠶᠠᠨ ᠤ ᠬᠤᠪᠢᠰᠬᠠᠯ ᠤᠨ ᠰᠣᠶᠣᠯ ᠤᠨ ᠬᠥᠮᠦᠵᠢᠯ ᠤᠨ ᠰᠠᠭᠤᠷᠢᠨ ᠳᠤ᠂ ᠲᠦᠴᠢᠦᠸᠠᠨ ᠰᠢᠶᠠᠨ ᠤ ᠬᠤᠪᠢᠰᠬᠠᠯ ᠤᠨ ᠲᠡᠦᠬᠡ ᠰᠣᠶᠣᠯ ᠢ ᠣᠶᠢᠯᠠᠭᠠᠵᠤ᠂ ᠰᠡᠳᠬᠢᠯ ᠵᠢᠷᠦᠬᠡ ᠶᠢ ᠳᠣᠭᠳᠣᠯᠤᠭᠤᠯᠤᠨ᠎ᠠ︔ ᠡᠪᠦᠭᠡᠨ ᠠᠭᠤᠯᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠳᠤ᠂ ᠠᠮᠢ ᠠᠬᠤᠶ ᠶᠢᠨ ᠮᠡᠳᠡᠯᠭᠡ ᠶᠢ ᠣᠶᠢᠯᠠᠭᠠᠵᠤ ᠂ ᠪᠠᠶᠢᠭᠠᠯᠢ ᠶᠢ ᠬᠠᠶᠢᠨ ᠰᠦᠪᠡᠭᠴᠢᠯᠡᠵᠦ᠂ ᠠᠮᠢ ᠠᠬᠤᠶ ᠶᠢᠨ ᠭᠤᠸ᠎ᠠ ᠰᠠᠶᠢᠬᠠᠨ ᠢ ᠮᠡᠳᠡᠷᠡᠨ᠎ᠡ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠴᠡᠴᠡᠷᠯᠢᠭ ᠲᠤ ᠂ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢ ᠰᠤᠷᠤᠯᠴᠠᠵᠤ᠂ ᠤᠶᠤᠨ ᠰᠠᠨᠠᠭ᠎ᠠ ᠰᠣᠶᠣᠯ ᠤᠨ ᠳᠦᠷᠰᠦ ᠪᠠᠶᠢᠳᠠᠯ  ᠢ ᠪᠠᠶᠠᠯᠢᠭᠵᠢᠭᠤᠯᠤᠨ᠎ᠠ᠃
   ᠵᠢᠭᠤᠯᠴᠢᠯᠠᠯ ᠤᠨ ᠦᠶᠯᠡᠰ ᠲᠠᠰᠤᠷᠠᠯᠲᠠ ᠥᠬᠡᠶ ᠪᠠᠶᠠᠯᠢᠭᠵᠢᠵᠤ᠂ ᠵᠢᠭᠤᠯᠴᠢᠯᠠᠯ ᠤᠨ ᠲᠥᠬᠦᠭᠡᠷᠦᠮᠵᠢ ᠦᠷᠭᠦᠯᠵᠢᠯᠡᠨ ᠲᠡᠭᠦᠯᠳᠡᠷᠵᠢᠪᠡ᠂ ᠵᠢᠭᠤᠯᠴᠢᠯᠠᠭᠴᠢᠳ ᠲᠤ ᠦᠶᠯᠡᠴᠢᠯᠡᠬᠦ ᠪᠠᠲᠤᠯᠠᠭ᠎ᠠ ᠶᠢ ᠰᠡᠳᠬᠢᠯ ᠳᠡᠯᠪᠢᠨ ᠰᠠᠶᠢᠲᠤᠷ ᠬᠢᠵᠦ᠂ ᠵᠢᠭᠤᠯᠴᠢᠯᠠᠭᠴᠢᠳ ᠢ ᠰᠡᠳᠬᠢᠯ ᠬᠠᠨᠤᠮᠵᠢᠲᠠᠶ ᠪᠠᠷ ᠢᠷᠡᠵᠦ᠂ ᠰᠡᠳᠬᠢᠯ ᠬᠠᠨᠤᠮᠵᠢᠲᠠᠶ ᠪᠠᠷ ᠵᠤᠭᠠᠴᠠᠨ᠂ ᠰᠡᠳᠬᠢᠯ ᠬᠠᠨᠤᠮᠵᠢᠲᠠᠶ ᠪᠠᠷ ᠪᠤᠴᠠᠨ᠎ᠠ᠃ 2024 ᠣᠨ ᠳᠤ ᠲᠦᠴᠢᠦᠸᠠᠨ ᠰᠢᠶᠠᠨ ᠵᠤᠭᠠᠴᠠᠭᠰᠠᠳ ᠢ ᠨᠡᠶᠢᠲᠡ 148.9 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠤᠭᠠᠴᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 10.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠤᠭᠠᠴᠠᠭᠰᠠᠳ ᠤᠨ ᠲᠤᠭ᠎ᠠ᠂ ᠣᠷᠣᠯᠭ᠎ᠠ ᠠᠳᠠᠯᠢ ᠬᠤᠭᠤᠴᠠᠭᠠᠨ ᠤ ᠬᠢ  ᠠᠴᠠ ᠴᠥᠮ 15 % ᠪᠠᠷ ᠨᠡᠮᠡᠭᠳᠡᠪᠡ᠃
   ︽ᠡᠨᠡ ᠵᠢᠯ᠂ ᠲᠦᠴᠢᠦᠸᠠᠨ ᠰᠢᠶᠠᠨ ᠤᠯᠠᠨ ᠠᠴᠠ ᠬᠡᠲᠦᠶᠢᠳᠦᠭᠰᠡᠨ ᠪᠠᠶᠢᠭᠠᠯᠢ ᠶᠢᠨ ᠡᠬᠢ ᠪᠠᠶᠠᠯᠢᠭ ᠪᠣᠯᠤᠨ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠳᠤ ᠲᠦᠰᠢᠭᠯᠡᠵᠦ᠂ ᠡᠪᠦᠭᠡᠨ ᠠᠭᠤᠯᠠᠨ ᠤ ᠤᠢ ᠰᠢᠭᠤᠢ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠣᠭᠴᠠ᠂ ᠮᠢᠩ ᠰᠢᠩ ᠨᠠᠭᠤᠷ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠣᠯᠤᠨ ᠪᠤᠤ ᠱᠢ ᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠤᠷᠪᠠᠨ ᠶᠡᠭᠡ ᠦᠵᠡᠮᠵᠢ ᠶᠢᠨ ᠣᠷᠣᠨ  ᠤ ᠬᠥᠳᠡᠭᠡ ᠠᠵᠤ ᠠᠬᠤᠢ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠵᠢᠭᠤᠯᠴᠢᠯᠠᠯ ᠤᠨ ᠠᠵᠤ ᠦᠶᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠶᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠦᠶᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠵᠦ᠂ ᠲᠦᠴᠢᠦᠸᠠᠨ ᠰᠢᠶᠠᠨ ᠤ ᠵᠢᠭᠤᠯᠴᠢᠯᠠᠯ ᠤᠨ ᠢᠷᠠᠭᠤ ᠠᠯᠳᠠᠷ ᠤᠨ ᠲᠠᠲᠠᠬᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠭᠤᠯᠴᠢᠯᠠᠭᠰᠠᠳ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠨᠡᠩ ᠤᠯᠠᠨ ᠵᠤᠭᠠᠴᠠᠯ ᠤᠨ ᠰᠣᠳᠣᠨ ᠪᠦᠲᠦᠭᠡᠯ ᠢ ᠡᠭᠦᠳᠴᠦ᠂ ᠤᠯᠠᠨ ᠲᠦᠮᠡᠨ ᠤ ᠤᠯᠠᠨ ᠡᠰᠢᠵᠢᠭᠰᠡᠨ ᠵᠤᠭᠠᠴᠠᠯ ᠤᠨ ᠬᠡᠷᠡᠭᠴᠡᠭᠡ ᠶᠢ ᠬᠠᠩᠭᠠᠵᠤ᠂ ᠲᠦᠴᠢᠦᠸᠠᠨ ᠰᠢᠶᠠᠨ ᠤ ᠵᠤᠭᠠᠴᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃︾ ᠭᠡᠵᠦ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠯᠢᠦ ᠮᠢᠶᠣᠣ ᠮᠢᠶᠣᠣ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号