ᠪᠡᠭᠡᠵᠢᠩ ᠶᠡᠭᠡ ᠰᠤᠷᠭᠠᠭᠤᠯᠢ ᠶᠢᠨ ᠱᠧᠨᠵᠧᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ | ᠡᠷᠬᠢᠯᠡᠭᠴᠢ ᠡᠮᠴᠢ ᠦ᠋ ᠴᠦᠨ ᠲᠠᠨᠢᠯᠴᠠᠭᠤᠯᠤᠨ ᠬᠡᠯᠡᠬᠦ ᠳᠡᠭᠡᠨ᠂ ᠲᠦᠷᠭᠡᠨ ᠤᠶᠢᠯᠡᠳᠦᠯᠳᠦ ᠵᠢᠷᠦᠬᠡᠨ ᠤ ᠦᠷᠢᠯ ︵速 | 效救心丸︶᠂ ᠠᠽᠣᠲ ᠬᠦᠴᠢᠯ ᠤᠨ ᠭᠯᠢᠼᠧᠷᠢᠨ ᠬᠠᠪᠲᠠᠭᠠᠶ ᠦᠷᠢᠯ ︵硝酸甘油片︶᠂ | ᠤᠯᠠᠭᠠᠨ ᠬᠢᠵᠢᠮᠢ ᠶᠢᠨ ᠨᠡᠶᠢᠯᠡᠮᠡᠯ ᠦᠷᠢᠯ ︵复方丹参滴丸︶ ᠪᠣᠯ ᠴᠥᠮ ᠢᠳᠡᠷ ᠥᠲᠡᠯᠦᠭᠡ | ᠨᠠᠰᠤᠨ ᠤ ᠬᠥᠮᠦᠰ ᠤᠨ ᠦᠷᠭᠦᠯᠵᠢ ᠬᠡᠷᠡᠭᠯᠡᠳᠡᠭ ︽ᠠᠮᠢ ᠠᠪᠤᠷᠬᠠᠤ ᠡᠮ︾ ᠪᠤᠯᠤᠨ᠎ᠠ᠃ | 1. ᠲᠦᠷᠭᠡᠨ ᠦᠢᠯᠡᠳᠦᠯᠳᠦ ᠵᠢᠷᠦᠬᠡᠨ ᠤ ᠦᠷᠢᠯ | ᠵᠢᠷᠦᠬᠡᠨ ᠪᠤᠯᠴᠢᠩ ᠤᠨ ᠴᠢᠰᠤ ᠳᠤᠲᠠᠬᠤ ᠶᠢ ᠠᠨᠠᠭᠠᠵᠤ᠂ ᠵᠢᠷᠦᠬᠡ ᠶᠢ ᠬᠠᠮᠠᠭᠠᠯᠠᠵᠦ᠂ ᠴᠢᠰᠤᠨ ᠤ | ᠨᠢᠯᠴᠠᠭᠠᠢ ᠶᠢᠨ ᠬᠡᠮᠵᠢᠶ᠎ᠡ ᠶᠢ ᠪᠠᠭᠤᠷᠠᠭᠤᠯᠵᠤ᠂ ᠪᠤᠷᠤ ᠶᠢ ᠬᠦᠭᠡᠭᠡᠵᠦ ᠡᠪᠡᠳᠬᠦ ᠶᠢ ᠵᠣᠭᠰᠣᠭᠠᠨ᠎ᠠ᠂ ᠪᠠᠰᠠ ᠵᠢᠷᠦᠬᠡ | ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠨ ᠵᠠᠰᠠᠨ᠎ᠠ᠂ ᠭᠡᠪᠡᠴᠦ ᠲᠤᠰᠬᠠᠢ ᠡᠮᠴᠢ ᠪᠤᠶᠤ ᠡᠮ | ᠨᠠᠶᠢᠷᠠᠭᠴᠢ ᠶᠢᠨ ᠵᠢᠯᠣᠭᠤᠳᠤᠯᠭ᠎ᠠ ᠳᠣᠣᠷ᠎ᠠ ᠤᠤᠭᠤᠬᠤ ᠬᠡᠷᠡᠭᠲᠡᠢ᠃ | 2.ᠠᠽᠣᠲ ᠬᠦᠴᠢᠯ ᠤᠨ ᠭᠯᠢᠼᠧᠷᠢᠨ ᠬᠠᠪᠲᠠᠭᠠᠶ ᠦᠷᠢᠯ | ᠲᠢᠳᠢᠮᠯᠢᠭ ᠯᠤᠬᠰᠢᠭᠤᠨ ᠰᠤᠳᠠᠯ ᠤᠨ ᠴᠢᠨᠠᠷᠳᠠᠢ ᠵᠢᠷᠦᠬᠡᠨ ᠡᠪᠡᠳᠴᠢᠨ ᠲᠠᠢ ᠬᠦᠮᠦᠰ ᠤᠨ ᠦᠷᠭᠦᠯᠵᠢ ᠠᠪᠴᠤ | ᠶᠠᠪᠤᠳᠠᠭ ᠨᠢᠭᠡ ᠵᠤᠶᠢᠯ ᠤᠨ ᠡᠮ ᠪᠤᠯᠤᠨ᠎ᠠ᠂ ᠲᠡᠷᠡ ᠨᠢ ᠵᠢᠷᠦᠬᠡ ᠪᠠᠵᠠᠯᠠᠵᠤ ᠡᠪᠡᠳᠬᠦ ᠶᠢ ᠲᠦᠷᠭᠡᠨ ᠨᠠᠮᠳᠠᠭᠠᠳᠠᠭ᠂ | ᠭᠡᠪᠡᠴᠦ ᠵᠠᠪᠠᠯ ᠠᠩᠬᠠᠷᠬᠤ ᠬᠡᠷᠡᠭᠲᠡᠶ ᠵᠤᠶᠢᠯ ᠪᠤᠯ ᠲᠢᠳᠢᠮᠯᠢᠭ ᠯᠤᠬᠰᠢᠭᠤᠨ ᠰᠤᠳᠠᠯ ᠤᠨ ᠴᠢᠨᠠᠷᠳᠠᠢ ᠵᠢᠷᠦᠬᠡᠨ | ᠡᠪᠡᠳᠴᠢᠨ ᠢᠶᠠᠷ ᠤᠨᠤᠰᠢᠯᠠᠬᠳᠠᠬᠰᠠᠨ ᠬᠦᠮᠦᠰ ᠰᠠᠶ᠋ᠢ ᠪᠡᠯᠡᠳᠬᠡᠬᠦ ᠬᠡᠷᠡᠭᠲᠡᠶ᠃ | 3. ᠤᠯᠠᠭᠠᠨ ᠬᠢᠵᠢᠮᠢ ᠶᠢᠨ ᠨᠡᠶᠢᠯᠡᠮᠡᠯ ᠦᠷᠢᠯ | ᠲᠢᠳᠢᠮᠯᠢᠭ ᠯᠤᠬᠰᠢᠭᠤᠨ ᠰᠤᠳᠠᠯ ᠤᠨ ᠴᠢᠨᠠᠷᠳᠠᠢ ᠵᠢᠷᠦᠬᠡᠨ ᠡᠪᠡᠳᠴᠢᠨ ᠢ ᠵᠠᠰᠠᠬᠤ ᠳᠤ ᠦᠷᠭᠦᠯᠵᠢ ᠬᠡᠷᠡᠭᠯᠡᠳᠡᠭ | ᠨᠢᠭᠡ ᠵᠤᠶᠢᠯ ᠤᠨ ᠪᠤᠯᠤᠨ᠎ᠠ᠂ ᠲᠡᠷᠡ ᠨᠢ ᠦᠢᠯᠡᠳᠦᠯ ᠢᠶᠠᠷ ᠲᠦᠷᠭᠡᠨ ᠪᠠᠶᠢᠳᠠᠭ᠂ ᠲᠡᠭᠦᠨ ᠢ ᠵᠢᠷᠦᠬᠡ ᠴᠢᠰᠤᠨ | ᠰᠤᠳᠠᠯ ᠤᠨ ᠡᠪᠡᠳᠴᠢᠨ ᠢ ᠰᠡᠷᠭᠡᠶᠢᠯᠡᠬᠦ ᠪᠠ ᠵᠠᠰᠠᠬᠤ ᠳᠤ ᠬᠡᠷᠡᠭᠯᠡᠵᠦ ᠪᠣᠯᠤᠨ᠎ᠠ᠃ | ᠠᠩᠬᠠᠷᠬᠤ ᠵᠤᠶᠢᠯ᠄ ᠪᠡᠶ᠎ᠡ ᠮᠠᠬᠠᠪᠣᠳ ᠨᠢ ᠡᠪ ᠥᠬᠡᠶ ᠪᠠᠶᠢᠳᠠᠯ ᠭᠠᠷᠪᠠᠯ ᠴᠠᠭ ᠲᠤᠬᠠᠶ ᠳᠤᠨᠢ ᠵᠢᠩᠬᠢᠨᠢ | ᠡᠮᠨᠡᠯᠭᠡ ᠶᠢᠨ ᠬᠤᠷᠢᠶ᠎ᠠ ᠳᠤ ᠣᠴᠢᠵᠤ ᠡᠮᠨᠡᠭᠦᠯᠵᠦ᠂ ᠲᠤᠰᠬᠠᠶ ᠡᠮᠴᠢ ᠪᠤᠶᠤ ᠡᠮ ᠨᠠᠶᠢᠷᠠᠭᠴᠢ ᠶᠢᠨ ᠵᠢᠯᠣᠭᠤᠳᠣᠯᠭ᠎ᠠ | ᠳᠤᠤᠷ᠎ᠠ ᠲᠣᠰ ᠪᠡᠶ᠎ᠡ ᠶᠢᠨ ᠡᠪᠡᠳᠴᠢᠨ ᠤ ᠪᠠᠶᠢᠳᠠᠯ ᠢᠶᠠᠨ ᠦᠨᠳᠦᠰᠦᠯᠡᠨ ᠲᠤᠳᠤᠯᠠᠭᠤᠯᠤᠨ ᠵᠠᠰᠠᠭᠤᠯᠵᠤ᠂ ᠡᠮᠴᠢ ᠶᠢᠨ | ᠵᠢᠭᠠᠪᠤᠷᠢ ᠪᠠᠷ ᠡᠮ ᠢ ᠵᠥᠪ ᠬᠡᠷᠡᠭᠯᠡᠬᠦ ᠬᠡᠷᠡᠭᠳᠡᠢ᠂ ᠬᠠᠷᠢᠨ ᠰᠣᠬᠤᠷ ᠪᠠᠯᠠᠶ ᠪᠠᠷ ᠡᠮ ᠬᠡᠷᠡᠭᠯᠡᠵᠦ ᠪᠣᠯᠬᠤ ᠥᠬᠡᠶ᠃ |