ᠱᠦᠶ ᠴᠢᠤᠸᠠᠨ ᠪᠠᠯᠭᠠᠰᠤᠨ ᠤ ᠲᠥᠬᠦᠭᠡᠷᠦᠮᠵᠢᠲᠦ ᠲᠠᠷᠢᠶᠠᠯᠠᠩ ᠠᠮᠢᠵᠢᠷᠠᠯ ᠤᠨ ᠬᠦᠴᠦᠨ ᠢᠶᠠᠷ ᠪᠢᠯᠬᠠᠨ᠎ᠠ
ᠨᠡᠶᠢᠲᠡᠯᠡᠭᠰᠡᠨ ᠴᠠᠭ᠄
2025/4/24
   ᠱᠦᠶ ᠴᠢᠤᠸᠠᠨ ᠪᠠᠯᠭᠠᠰᠤ ᠥᠪᠡᠷᠮᠢᠴᠡ ᠪᠠᠶᠢᠭᠠᠯᠢ ᠶᠢᠨ ᠨᠥᠬᠦᠴᠡᠯ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠲᠦᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠶᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠣᠶᠢᠷ᠎ᠠ ᠲᠡᠭᠦᠷᠭᠡ ᠶᠢᠨ ᠢᠳᠡᠰᠢᠨ ᠨᠣᠭᠤᠭ᠎ᠠ ᠵᠢᠮᠢᠰ ᠤᠨ ᠠᠵᠤ ᠦᠶᠯᠡᠰ ᠢ ᠶᠡᠭᠡ ᠪᠠᠷ ᠬᠥᠭᠵᠢᠭᠦᠯᠵᠦ᠂ ᠪᠥᠬᠦ ᠬᠡᠯᠬᠢᠶ᠎ᠡ ᠪᠠᠷ ᠬᠥᠭᠵᠢᠬᠦ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠵᠤ᠂ ᠠᠷᠠᠳ ᠢ ᠪᠠᠶᠠᠵᠢᠭᠤᠯᠤᠨ ᠣᠷᠣᠯᠭ᠎ᠠ  ᠶᠢ ᠨᠡᠮᠡᠭᠳᠡᠭᠦᠯᠬᠦ ︽ᠶᠡᠭᠡ ᠶᠠᠪᠤᠳᠠᠯ︾ ᠢ ᠬᠦᠴᠦᠯᠡᠨ ᠰᠠᠶᠢᠲᠤᠷ ᠬᠢᠪᠡ᠃
   ᠱᠦᠶ ᠴᠢᠤᠸᠠᠨ ᠪᠠᠯᠭᠠᠰᠤᠨ ᠤ ᠾᠧ ᠹᠠ ᠲᠣᠰᠬᠤᠨ ᠤ ᠾᠧᠦ ᠬᠤᠩ ᠵᠠᠩ ᠤᠨ ᠭᠦᠵᠡᠯᠵᠡᠭᠡᠨ᠎ᠡ ᠲᠡᠭᠦᠬᠦ ᠬᠦᠷᠢᠶᠡᠯᠡᠩ ᠳᠤ᠂ ᠳᠤᠯᠠᠭᠠᠨ ᠴᠢᠭᠢᠭᠯᠢᠭ ᠠᠭᠠᠷ ᠳᠣᠲᠣᠷᠠᠬᠢ ᠭᠦᠵᠡᠯᠵᠡᠭᠡᠨ᠎ᠡ ᠶᠢᠨ ᠠᠩᠬᠢᠯᠤᠮ᠎ᠠ ᠦᠨᠦᠷ ᠨᠢᠭᠤᠷ ᠳᠦᠭᠦᠷᠡᠩ ᠬᠠᠩᠬᠤᠯᠵᠤ᠂ ᠲᠠᠯᠠᠩ ᠲᠠᠷᠠᠭᠠᠯᠠᠨ ᠨᠣᠭᠤᠭᠠᠨ ᠨᠠᠪᠴᠢ ᠲᠠᠢ ᠭᠦᠵᠡᠯᠵᠡᠭᠡᠨ᠎ᠡ ᠶᠢᠨ ᠵᠡᠯ᠎ᠡ ᠳᠡᠭᠡᠷ᠎ᠡ ᠴᠠᠭᠠᠨ ᠥᠩᠭᠡ ᠶᠢᠨ ᠵᠢᠵᠢᠭ ᠴᠡᠴᠡᠭ ᠳᠦᠭᠦᠷᠲᠡᠯ᠎ᠡ ᠳᠡᠯᠭᠡᠷᠡᠵᠦ᠂ ᠡᠰᠡᠬᠦᠯ᠎ᠡ ᠤᠪ ᠤᠯᠠᠭᠠᠨ ᠭᠦᠵᠡᠯᠵᠡᠭᠡᠨ᠎ᠡ ᠲᠡᠭᠦᠨ ᠤ ᠬᠤᠭᠤᠷᠣᠨᠳᠣ ᠳᠡᠯᠭᠡᠭᠳᠡᠵᠦ᠂ ᠬᠥᠮᠦᠨ ᠤ ᠪᠠᠭ᠋ᠠᠷᠬᠠᠯ ᠢ ᠲᠠᠲᠠᠨ᠎ᠠ᠃ ᠲᠠᠷᠢᠮᠠᠯ ᠤᠨ ᠡᠷᠦᠬᠡ ᠾᠧᠦ ᠬᠤᠩ ᠵᠠᠩ ᠭᠦᠵᠡᠯᠵᠡᠭᠡᠨ᠎ᠡ ᠶᠢᠨ ᠴᠢᠬᠢ ᠶᠢ ᠠᠷᠠᠴᠢᠯᠠᠵᠤ ᠶᠠᠭᠠᠷᠠᠨ᠎ᠠ᠂ ᠡᠳᠡᠭᠡᠷ ᠴᠢᠬᠢ ᠨᠢ ᠾᠧᠦ ᠬᠤᠩ ᠵᠠᠩ ᠤᠨ ᠨᠢᠭᠡ ᠭᠡᠷ  ᠤᠨ ᠰᠠᠶᠢᠨ ᠠᠮᠢᠳᠤᠷᠠᠯ ᠢ ᠠᠴᠢᠶᠠᠯᠠᠵᠤ ᠪᠠᠶᠢᠯ᠎ᠠ᠃
   ︽ᠮᠢᠨᠦ ᠭᠦᠵᠡᠯᠵᠡᠭᠡᠨ᠎ᠡ ᠶᠢᠨ ᠬᠤᠶᠠᠳᠤᠭᠠᠷ ᠤᠳᠠᠭ᠎ᠠ ᠶᠠᠭ ᠰᠠᠶᠢᠬᠠᠨ ᠴᠠᠭ ᠲᠠᠭᠠᠨ ᠪᠠᠶᠢᠨ᠎ᠠ᠂ ᠲᠤᠮᠤ ᠮᠥᠷᠲᠡᠭᠡᠨ ᠤᠯᠠᠭᠠᠨ᠂ ᠮᠠᠰᠢ ᠠᠮᠲᠠᠲᠠᠢ᠃ ᠮᠠᠨ ᠤ ᠲᠠᠷᠢᠵᠦ ᠪᠠᠶᠢᠭ᠎ᠠ ᠡᠶᠢᠮᠦ ᠭᠦᠵᠡᠯᠵᠡᠭᠡᠨ᠎ᠡ ᠶᠢ ᠪᠢ ᠣᠳᠣ ᠲᠠᠸᠠᠷ  ᠤᠨ ᠲᠡᠮᠳᠡᠭ ᠳᠠᠩᠰᠠᠯᠠᠭᠤᠯᠤᠭᠰᠠᠨ᠂ ᠬᠤᠩ ᠱᠤ᠋ ᠲᠡᠮᠳᠡᠭᠲᠦ᠂ ᠡᠨᠡ ᠬᠡᠳᠦᠨ ᠵᠢᠯ ᠪᠢ ᠥᠪᠡᠷ ᠢᠶᠠᠷ ᠴᠢᠬᠢ ᠪᠣᠶᠢᠵᠢᠭᠤᠯᠤᠭᠰᠠᠨ᠂ ᠡᠳᠡᠭᠡᠷᠡᠯᠲᠡ ᠶᠢᠨ ᠨᠣᠷᠮ᠎ᠠ ᠥᠨᠳᠥᠷ᠂ ᠬᠠᠮᠢᠶᠠᠷᠬᠤ ᠳᠤ ᠳᠥᠭᠦᠮ᠂ ᠦᠶᠡᠯᠡᠯ ᠤᠨ ᠬᠤᠭᠤᠴᠠᠭ᠎ᠠ ᠨᠢ ᠤᠷᠲᠤ᠂ ᠵᠢᠮᠢᠰ ᠤᠨ ᠦᠩᠭᠡ ᠨᠢ ᠭᠢᠯᠠᠭᠠᠷ᠂ ᠳᠠᠩ ᠵᠢᠮᠢᠰ ᠤᠨ ᠬᠦᠨᠳᠦ ᠨᠢ ᠶᠡᠭᠡ᠂ ᠣᠳᠣ ᠲᠡᠭᠦᠬᠦ ᠪᠠᠷ ᠢᠷᠡᠭᠰᠡᠨ ᠬᠥᠮᠦᠨ ᠴᠦ ᠠᠷᠪᠢᠨ᠃ ᠲᠠᠪᠤᠨ ᠰᠠᠷ᠎ᠠ ᠶᠢᠨ ᠨᠢᠭᠡᠨ ᠤ ᠣᠷᠴᠢᠮ᠂ ᠮᠠᠨ ᠤ ᠭᠡᠷ ᠤᠨ ᠢᠩᠳᠤᠤᠷ ᠪᠠᠰᠠ ᠵᠠᠯᠭᠠᠭ᠎ᠠ ᠪᠠᠷ ᠪᠣᠯᠪᠠᠰᠤᠷᠠᠵᠤ ᠵᠠᠬ᠎ᠠ ᠳᠡᠯᠭᠡᠭᠦᠷ ᠲᠤ ᠭᠠᠷᠪᠠ᠂ ᠣᠯᠠᠨ ᠤ ᠢᠷᠡᠵᠦ ᠲᠡᠭᠦᠵᠦ ᠨᠠᠭᠠᠳᠬᠤ ᠶᠢ ᠪᠠᠶᠠᠷᠯᠠᠨ ᠤᠭᠲᠤᠵᠤ ᠪᠠᠶᠢᠨ᠎ᠠ᠃︾ ᠭᠡᠵᠦ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠤ ᠲᠠᠷᠢᠮᠠᠯ ᠤᠨ ᠡᠷᠦᠬᠡ ᠾᠧᠦ ᠬᠤᠩ ᠵᠠᠩ ᠬᠡᠯᠡᠪᠡ᠃
   ᠤᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠾᠧᠦ ᠬᠤᠩ ᠵᠠᠩ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠠᠭᠠᠭᠤᠯᠤᠬᠴᠢ ᠪᠣᠯᠪᠠ᠃ ᠲᠡᠭᠦᠨ ᠤ ᠳᠠᠭᠠᠭᠤᠯᠭ᠎ᠠ ᠳᠣᠤᠷ᠎ᠠ᠂ ᠾᠧ ᠹᠠ ᠲᠣᠰᠬᠤᠨ ᠳᠤᠯᠠᠭᠠᠨ ᠰᠠᠷᠠᠪᠴᠢ ᠶᠢᠨ ᠲᠠᠷᠢᠮᠠᠯ ᠤᠨ ᠡᠷᠦᠬᠡ 72 ᠡᠷᠦᠬᠡ᠂ ᠬᠦᠶᠲᠡᠨ ᠰᠠᠷᠠᠪᠴᠢ ᠶᠢᠨ ᠲᠠᠷᠢᠮᠠᠯ ᠤᠨ ᠡᠷᠦᠬᠡ 78 ᠡᠷᠦᠬᠡ  ᠶᠢ ᠬᠥᠭᠵᠢᠭᠦᠯᠵᠦ᠂ ᠡᠷᠦᠬᠡ ᠪᠦᠷᠢ ᠶᠢᠨ ᠵᠢᠯ ᠤᠨ ᠳᠤᠮᠳᠠᠴᠢ ᠣᠷᠣᠯᠭ᠎ᠠ ᠶᠢ 3000 ᠲᠥᠭᠦᠷᠢᠭ ᠣᠷᠴᠢᠮ ᠨᠡᠮᠡᠭᠳᠡᠭᠦᠯᠪᠡ᠃    ᠾᠧ ᠹᠠ ᠲᠣᠰᠬᠤᠨ ᠤ ᠵᠧᠦ ᠴᠢᠤᠸᠠᠨ ᠤ ᠬᠦᠯᠡᠮᠵᠢ ᠳᠤ᠂ ᠲᠡᠷᠡ ᠶᠠᠭᠠᠷᠠᠯᠲᠠᠢ ᠠᠵᠢᠯᠯᠠᠵᠤ᠂ ᠨᠣᠭᠤᠭ᠎ᠠ ᠶᠢᠨ ᠴᠢᠬᠢ ᠶᠢᠨ ᠬᠥᠷᠥᠰᠥ ᠶᠢ ᠰᠤᠯᠠᠷᠠᠭᠤᠯᠵᠤ᠂ ᠴᠢᠬᠢ ᠶᠢ ᠠᠯᠠᠭᠯᠠᠭᠤᠯᠪᠠ᠃ ᠮᠥᠷ ᠮᠥᠷ ᠲᠠᠷᠢᠶᠠᠨ ᠴᠢᠬᠢ ᠶᠢᠨ ᠥᠩᠭᠡ ᠨᠢ ᠨᠣᠭᠤᠭᠠᠨ᠂ ᠤᠷᠭᠤᠯᠲᠠ ᠶᠢᠨ ᠪᠠᠶᠢᠳᠠᠯ ᠨᠢ ᠬᠥᠮᠦᠨ ᠢ ᠪᠠᠶᠠᠷᠯᠠᠭᠤᠯᠵᠤ᠂ ᠭᠦᠨ ᠨᠣᠭᠤᠭᠠᠨ ᠦᠩᠭᠡ ᠨᠢ ᠬᠥᠮᠦᠨ ᠤ ᠰᠡᠳᠬᠢᠯ ᠢ ᠲᠠᠲᠠᠨ᠎ᠠ᠃
   ︽ᠮᠠᠨ ᠤ ᠡᠨᠡ ᠬᠦᠯᠡᠮᠵᠢ ᠳᠤ ᠨᠣᠭᠤᠭ᠎ᠠ ᠲᠠᠷᠢᠵᠦ᠂ ᠥᠷᠭᠡᠰᠦᠲᠦ ᠬᠡᠮᠬᠡ᠂ ᠪᠤᠷᠴᠠᠭ ᠳᠠᠷᠢᠳᠠᠭ ᠬᠥᠳᠡᠭᠡ ᠳᠤ ᠬᠡᠵᠢᠶ᠎ᠡ ᠴᠦ ᠭᠡᠳ ᠢᠳᠡᠵᠦ ᠪᠣᠯᠤᠨ᠎ᠠ᠂ ᠢᠳᠡᠵᠦ ᠳᠡᠶᠢᠯᠬᠦ ᠥᠬᠡᠶ ᠴᠦ ᠭᠠᠳᠠᠭᠰᠢ ᠵᠢᠭᠠᠬᠠᠨ ᠬᠤᠳᠠᠯᠳᠤᠵᠤ ᠪᠣᠯᠤᠨ᠎ᠠ ᠂ ᠡᠨᠡ ᠬᠦᠯᠡᠮᠵᠢ ᠨᠢ ᠨᠡᠶᠢᠲᠡ 200 ᠣᠷᠴᠢᠮ ᠲᠡᠭᠰᠢ ᠳᠥᠷᠪᠡᠯᠵᠢᠨ ᠮᠧᠲᠷ᠂ ᠨᠢᠭᠡ ᠵᠢᠯ ᠳᠤ 2000 ᠣᠷᠴᠢᠮ ᠲᠥᠭᠦᠷᠢᠭ ᠬᠤᠳᠠᠯᠳᠤᠨ᠎ᠠ᠃︾ ᠭᠡᠵᠦ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠤ ᠲᠠᠷᠢᠮᠠᠯ ᠤᠨ ᠡᠷᠦᠬᠡ ᠵᠧᠦ ᠴᠢᠤᠸᠠᠨ ᠬᠡᠯᠡᠨ᠎ᠡ᠃
   ᠣᠷᠴᠢᠮ ᠤᠨ ᠵᠢᠯ᠂ ᠱᠦᠶ ᠴᠢᠤᠸᠠᠨ ᠪᠠᠯᠭᠠᠰᠤᠨ ᠤ ᠾᠧ ᠹᠠ ᠲᠣᠰᠬᠤᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠲᠥᠬᠦᠭᠡᠷᠦᠮᠵᠢᠲᠦ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠥᠬᠡᠶ ᠠᠬᠢᠭᠤᠯᠵᠤ᠂ ᠣᠨᠴᠠᠯᠢᠭᠲᠤ ᠵᠢᠮᠢᠰ ᠨᠣᠭᠤᠭ᠎ᠠ ᠲᠠᠷᠢᠬᠤ᠂ ᠰᠤᠳᠤᠯᠤᠨ ᠰᠤᠷᠴᠤ ᠲᠡᠭᠦᠬᠦ᠂ ᠲᠣᠭᠤᠷᠢᠨ ᠵᠤᠭᠠᠴᠠᠬᠤ ᠪᠠᠷ ᠭᠤᠤᠯ ᠪᠣᠯᠭᠠᠭᠰᠠᠨ ᠣᠨᠴᠠᠯᠢᠭᠲᠤ ᠲᠠᠷᠢᠶᠠᠯᠠᠩ ᠤᠨ ᠲᠠᠷᠢᠮᠠᠯ ᠤᠨ ᠰᠠᠭᠤᠷᠢᠨ ᠭᠠᠵᠠᠷ᠂ ︽ᠲᠠᠷᠢᠶᠠᠯᠠᠩ + ᠵᠢᠭᠤᠯᠴᠢᠯᠠᠯ︾ ᠤᠨ ᠠᠵᠤ ᠦᠢᠯᠡᠰ ᠤᠨ ᠬᠥᠭᠵᠢᠯᠲᠡ ᠶᠢᠨ ᠣᠶᠢᠯᠠᠭᠠᠭᠳᠠᠬᠤᠨ ᠤ ᠰᠢᠨ᠎ᠡ ᠶᠢ ᠡᠭᠦᠳᠦᠨ᠂ ᠣᠨᠴᠠᠯᠢᠭᠲᠤ ᠵᠢᠮᠢᠰ ᠨᠣᠭᠤᠭ᠎ᠠ ᠲᠠᠷᠢᠬᠤ ᠠᠵᠤ ᠦᠶᠯᠡᠰ ᠢ ᠬᠥᠭᠵᠢᠭᠦᠯᠬᠦ ᠪᠠᠷ ᠣᠷᠣᠬᠤ ᠭᠠᠵᠠᠷ ᠪᠣᠯᠭᠠᠨ᠎ᠠ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠮᠠᠶ᠋ᠢᠭ ᠢ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠣᠨᠴᠠᠯᠢᠭᠲᠤ ᠵᠢᠮᠢᠰ ᠨᠣᠭᠤᠭ᠎ᠠ ᠶᠢ ᠲᠣᠮᠣ ᠠᠵᠤ ᠦᠶᠯᠡᠰ ᠪᠣᠯᠭᠠᠬᠤ  ᠪᠠᠷ ᠴᠢᠷᠮᠠᠶᠢᠵᠦ᠂ ︽ᠨᠢᠭᠡ ᠲᠣᠰᠬᠤᠨ ᠨᠢᠭᠡ ᠲᠦᠷᠦᠯ ᠲᠡᠮᠳᠡᠭ︾ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠶᠢᠨ ᠬᠠᠮᠲᠤ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠪᠡᠶᠡᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠵᠠᠮ︾ ᠢ ᠨᠡᠭᠡᠭᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号