ᠨᠣᠮ ᠪᠢᠴᠢᠭ ᠤᠨ ᠦᠨᠦᠷ ᠠᠮᠲᠠ ᠰᠤᠷᠭᠠᠭᠤᠯᠢ ᠶᠢᠨ ᠬᠦᠷᠢᠶ᠎ᠡ ᠶᠢ ᠤᠮᠳᠠᠯᠠᠵᠤ᠂ ᠤᠩᠰᠢᠯᠭ᠎ᠠ ᠨᠢ ᠦᠰᠦᠨ ᠪᠣᠶᠢᠵᠢᠯᠲᠠ ᠶᠢ ᠭᠡᠷᠡᠯᠲᠦᠭᠦᠯᠦᠨ᠎ᠡ
ᠨᠡᠶᠢᠲᠡᠯᠡᠭᠰᠡᠨ ᠴᠠᠭ᠄
2025/4/24
   ᠡᠨᠡ ᠵᠢᠯ ᠪᠣᠯ 30 ᠳ᠋ᠤᠭᠠᠷ ︽ᠳᠡᠯᠡᠬᠡᠶ ᠶᠢᠨ ᠨᠣᠮ ᠤᠩᠰᠢᠬᠤ ᠡᠳᠦᠷ︾ ᠪᠣᠯᠤᠨ᠎ᠠ᠂ ᠭᠤᠤᠯ ᠰᠡᠳᠦᠪ ᠨᠢ ︽ᠤᠩᠰᠢᠯᠭ᠎ᠠ᠄ ᠢᠷᠡᠭᠡᠳᠦᠶ ᠳᠤ ᠨᠡᠪᠲᠡᠷᠡᠬᠦ ᠬᠥᠭᠦᠷᠭᠡ︾ ᠪᠣᠯᠤᠨ᠎ᠠ᠃ ︽ᠪᠥᠬᠦ ᠠᠷᠠᠳ ᠢᠶᠠᠷ ᠢᠶᠠᠨ ᠨᠣᠮ ᠤᠩᠰᠢᠬᠤ︾ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠨᠣᠮ ᠤᠩᠰᠢᠬᠤ ᠪᠠᠷ ᠳᠡᠮᠵᠢᠨ ᠬᠠᠷᠠᠭ᠎ᠠ ᠪᠠᠨ ᠥᠷᠭᠡᠳᠬᠡᠨ᠂ ᠣᠶᠤᠨ ᠤᠬᠠᠭᠠᠨ ᠢᠶᠠᠨ ᠳᠠᠮᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ ᠣᠯᠠᠨ ᠰᠠᠯᠠᠭ᠎ᠠ ᠮᠥᠴᠢᠷ ᠭᠤᠤᠯ ᠰᠡᠳᠦᠪᠲᠦ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠲᠦᠴᠢᠤᠸᠠᠨ ᠤ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ  ᠬᠢᠨ᠎ᠡ᠃
   ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠰᠠᠨᠠᠭᠠᠴᠢᠯᠠᠵᠤ᠂ ᠨᠣᠮ ᠤᠨ ᠰᠤᠷᠪᠤᠯᠵᠢᠲᠤ ᠲᠦᠴᠢᠦᠸᠠᠨ ᠢ ᠴᠣᠭᠴᠠᠯᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠨᠣᠮ ᠤᠨ ᠰᠠᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠶᠦᠩ ᠠᠨ ᠪᠠᠯᠭᠠᠰᠤᠨ ᠤ ᠭᠤᠣᠯ ᠪᠠᠭ᠎ᠠ ᠰᠤᠷᠭᠠᠭᠤᠯᠢ᠂ ᠰᠠᠨ ᠵᠢᠶᠧ ᠪᠠᠭ᠎ᠠ ᠰᠤᠷᠭᠠᠭᠤᠯᠢ ᠳᠤ ᠬᠦᠷᠴᠦ ᠭᠤᠣᠯ ᠰᠡᠳᠦᠪᠲᠦ ᠨᠣᠮ ᠤᠩᠰᠢᠬᠤ ᠡᠳᠦᠷ ᠤᠨ ᠠᠵᠢᠯᠯᠠᠭ᠎ᠠ ᠥᠷᠨᠢᠭᠦᠯᠪᠡ᠃
   4 ᠰᠠᠷ᠎ᠠ ᠶᠢᠨ 21 ᠤ ᠡᠳᠦᠷ᠂ ᠶᠦᠩ ᠠᠨ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠳᠤ ᠥᠷᠨᠢᠭᠦᠯᠦᠭᠰᠡᠨ ︽ᠰᠣᠩᠭᠤᠳᠠᠭ ᠪᠦᠲᠦᠭᠡᠯ ᠤᠩᠰᠢᠵᠤ᠂ ᠤᠶᠠᠩᠭᠠᠳᠤ ᠲᠠᠭᠤᠤ ᠲᠦᠴᠢᠤᠸᠠᠨ ᠳᠤ ᠲᠠᠭᠤᠷᠢᠰᠤᠨ᠎ᠠ︾ ᠭᠡᠬᠦ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠦᠴᠢᠦᠸᠠᠨ ᠰᠢᠶᠠᠨ ᠤ ᠨᠣᠮ ᠤᠨ ᠰᠠᠩ 300 ᠳᠡᠪᠲᠡᠷ ᠨᠣᠮ ᠬᠠᠨᠳᠢᠪᠯᠠᠪᠠ᠃
   ︽ᠡᠨᠡ ᠤᠳᠠᠭᠠᠨ ᠤ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠪᠠᠷ ᠳᠡᠮᠵᠢᠨ᠂ ᠰᠤᠷᠤᠭᠴᠢᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ᠂ ᠪᠢᠳᠡᠨ ᠤ ᠲᠣᠰ ᠪᠡᠶ᠎ᠡ ᠶᠢᠨ ᠪᠣᠯᠪᠠᠰᠤᠷᠠᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠪᠢᠳᠡᠨ ᠤ ᠦᠵᠡᠯ ᠰᠡᠳᠬᠢᠯᠭᠡ ᠶᠢ ᠪᠣᠯᠪᠠᠰᠤᠷᠠᠭᠤᠯᠵᠠᠶ᠃ ᠮᠠᠨ ᠤ ᠰᠤᠷᠭᠠᠭᠤᠯᠢ ᠭᠠᠷᠠᠭ ᠪᠦᠷᠢ ᠬᠢᠴᠢᠶᠡᠯ ᠤᠨ ᠭᠠᠳᠠᠨᠠᠬᠢ ᠤᠩᠰᠢᠯᠭ᠎ᠠ ᠶᠢᠨ ᠠᠵᠢᠯᠯᠠᠭ᠎ᠠ ᠶᠠᠪᠤᠭᠤᠯᠳᠠᠭ᠂ ᠲᠣᠰ ᠠᠩᠭᠢ  ᠶᠢᠨ ᠬᠡᠯᠡ ᠪᠢᠴᠢᠭ ᠤᠨ ᠪᠠᠭᠰᠢ ᠲᠣᠰ ᠠᠩᠭᠢ ᠶᠢᠨ ᠢᠶᠠᠨ ᠰᠤᠷᠤᠭᠴᠢᠳ ᠢ ᠳᠠᠭᠠᠭᠤᠯᠤᠨ ᠨᠣᠮ ᠤᠨ ᠥᠷᠥᠭᠡᠨ  ᠳᠡᠭᠡᠨ ᠣᠴᠢᠳᠠᠭ᠂ ᠪᠢᠳᠡ ᠳᠤᠮᠳᠠᠳᠤ ᠤᠯᠤᠰ ᠤᠨ ᠨᠠᠷᠠᠲᠤ ᠪᠦᠲᠦᠭᠡᠯ ᠢ ᠤᠩᠰᠢᠬᠤ ᠪᠠᠷ ᠪᠠᠷᠠᠬᠤ ᠥᠬᠡᠶ ᠪᠠᠰᠠ ᠭᠠᠳᠠᠭᠠᠳᠤ ᠶᠢᠨ ᠨᠠᠷᠠᠲᠤ ᠪᠦᠲᠦᠭᠡᠯ ᠢ ᠤᠩᠰᠢᠳᠠᠭ᠃ ᠨᠣᠮ ᠤᠩᠰᠢᠭᠰᠠᠨ ᠤ ᠳᠠᠷᠠᠭ᠎ᠠ᠂ ᠪᠢᠳᠡ ᠪᠠᠰᠠ ᠬᠠᠮᠲᠤ ᠰᠤᠷᠤᠭᠴᠢᠳ ᠲᠠᠢ ᠪᠠᠨ ᠨᠣᠮ ᠤᠩᠰᠢᠭᠰᠠᠨ ᠣᠯᠤᠯᠲᠠ ᠲᠥᠷᠥᠭᠳᠡᠯ ᠢᠶᠠᠨ ᠰᠣᠯᠢᠯᠴᠠᠳᠠᠭ᠃︾ ᠭᠡᠵᠦ ᠶᠦᠩ ᠠᠨ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠬᠤᠶᠠᠳᠤᠭᠠᠷ ᠠᠩᠭᠢ ᠶᠢᠨ ᠸᠠᠩ ᠢ ᠰᠢᠨ ᠬᠡᠯᠡᠪᠡ᠃
   ᠶᠦᠩ ᠠᠨ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠡᠷᠬᠢᠯᠡᠭᠴᠢ ᠵᠢᠢ ᠰᠢᠶᠤᠤ ᠮᠢᠩ᠄ 《 4 ᠰᠠᠷ᠎ᠠ ᠶᠢᠨ 23 ᠤ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠳᠤ᠂ ᠨᠣᠮ ᠤᠨ ᠰᠠᠩ ᠮᠠᠨ ᠤ ᠰᠤᠷᠭᠠᠭᠤᠯᠢ ᠳᠤ ᠪᠦᠬᠦ ᠠᠷᠠᠳ ᠤᠨ ᠤᠩᠰᠢᠯᠭ᠎ᠠ ᠶᠢᠨ ᠤᠷᠤᠯᠳᠤᠭᠠᠨ ᠡᠷᠬᠢᠯᠡᠵᠦ ᠮᠠᠨ ᠤ ᠰᠤᠷᠤᠭᠴᠢ ᠪᠣᠯᠤᠨ ᠰᠤᠷᠭᠠᠭᠤᠯᠢ ᠶᠢᠨ ᠪᠠᠭᠰᠢ ᠳᠤ ᠠᠪᠴᠤ ᠬᠡᠯᠡᠪᠡᠯ ᠮᠠᠰᠢ ᠶᠡᠭᠡ ᠠᠰᠢᠭ ᠬᠦᠷᠲᠡᠨ᠎ᠡ᠃ ᠬᠡᠯᠡ ᠪᠢᠴᠢᠭ ᠤᠨ ᠪᠠᠭᠰᠢ ᠶᠢᠨ ᠬᠤᠶᠢᠰᠢᠳᠠ ᠶᠢᠨ ᠰᠤᠷᠤᠭᠴᠢᠳ ᠤᠨ ᠤᠩᠰᠢᠯᠭ᠎ᠠ ᠶᠢᠨ ᠤᠷᠤᠯᠳᠤᠭᠠᠨ ᠤ ᠬᠥᠮᠦᠵᠢᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠶ᠂ ᠪᠠᠰᠠ ᠬᠡᠦᠬᠡᠳ ᠤᠨ ᠬᠡᠯᠡ ᠪᠢᠴᠢᠭ ᠤᠨ ᠪᠣᠯᠪᠠᠰᠤᠷᠠᠯ ᠢ ᠳᠡᠭᠡᠭᠰᠢᠯᠡᠭᠦᠯᠵᠦ ᠴᠢᠳᠠᠨ᠎ᠠ᠃ ᠡᠨᠡ ᠤᠳᠠᠭ᠎ᠠ ᠶᠢᠨ ᠭᠤᠤᠯ ᠰᠡᠳᠦᠪ ᠪᠣᠯ ᠤᠮᠠᠷᠠᠲᠤ ᠬᠢᠯᠢ ᠶᠢᠨ ᠰᠣᠩᠭᠤᠳᠠᠭ ᠵᠣᠬᠢᠶᠠᠯ ᠢ ᠤᠯᠠᠮᠵᠢᠯᠠᠨ ᠤᠩᠰᠢᠵᠤ᠂ ᠠᠶᠠᠯᠭᠤᠳᠤ ᠵᠢᠭᠤᠯᠴᠢᠯᠠᠯ ᠥᠪᠥᠷ ᠮᠣᠩᠭᠤᠯ ᠤᠨ ᠰᠡᠳᠬᠢᠯᠭᠡ ᠪᠣᠯᠤᠨ᠎ᠠ᠂ ᠬᠡᠦᠬᠡᠳ ᠤᠳ ᠨᠤᠲᠤᠭ ᠤᠨ ᠰᠣᠶᠣᠯ ᠳᠠᠭᠠᠨ ᠨᠠᠩ ᠢᠲᠡᠭᠡᠯ ᠲᠠᠢ ᠪᠣᠯᠵᠣ᠂ ᠬᠡᠦᠬᠡᠳ ᠤᠳ ᠤᠨ ᠰᠣᠶᠣᠯ ᠤᠨ ᠢᠲᠡᠭᠡᠯ ᠢ ᠬᠥᠮᠦᠵᠢᠭᠦᠯᠵᠦ᠂ ᠲᠡᠳᠡᠨ ᠤ ᠣᠮᠤᠭ ᠵᠣᠷᠢᠭ ᠢ ᠬᠥᠪᠴᠢᠯᠡᠨ᠎ᠡ ᠭᠡᠳᠡᠭ ᠢ ᠢᠲᠡᠭᠡᠵᠦ ᠪᠠᠶᠢᠨ᠎ᠠ᠃︾ ᠭᠡᠵᠡᠢ᠃
   4 ᠰᠠᠷ᠎ᠠ ᠶᠢᠨ 22 ᠤᠨ ᠡᠳᠦᠷ᠂ ᠰᠠᠨ ᠵᠢᠶᠧ ᠪᠠᠭ᠎ᠠ ᠰᠤᠷᠭᠠᠭᠤᠯᠢ ︽ᠦᠷ᠎ᠡ ᠶᠢ ᠳᠠᠷᠢᠵᠤ ᠴᠡᠴᠡᠭ ᠳᠡᠯᠭᠡᠷᠡᠬᠦ  ᠶᠢ ᠬᠦᠯᠢᠶᠡᠬᠦ︾ ᠨᠣᠮ ᠤᠩᠰᠢᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠰᠣᠩᠭᠤᠳᠠᠭ ᠪᠦᠲᠦᠭᠡᠯ ᠤᠨ ᠤᠩᠰᠢᠯᠭ᠎ᠠ᠂ ᠵᠠᠭᠤᠨ ᠡᠷᠳᠡᠮᠲᠡᠨ ᠤ ᠶᠠᠷᠢᠶᠠᠨ ᠤ ᠲᠠᠪᠴᠠᠩ᠂ ᠪᠠᠭᠰᠢ ᠶᠢᠨ ᠤᠩᠰᠢᠯᠭ᠎ᠠ᠂ ᠡᠴᠢᠭᠡ ᠡᠬᠡ ᠦᠷ᠎ᠡ ᠬᠡᠦᠬᠡᠳ ᠤᠨ ᠤᠩᠰᠢᠯᠭ᠎ᠠ ᠪᠠᠷ ᠳᠠᠮᠵᠢᠭᠤᠯᠤᠨ᠂ ᠨᠣᠮ ᠤᠩᠰᠢᠬᠤ ᠭᠦᠨ ᠵᠤᠵᠠᠭᠠᠨ ᠠᠭᠤᠷ ᠠᠮᠢᠰᠬᠤᠯ  ᠢ ᠪᠣᠶ ᠪᠣᠯᠭᠠᠵᠤ᠂ ᠪᠠᠭᠰᠢ ᠰᠣᠷᠣᠭᠴᠢ᠂ ᠬᠡᠷ ᠤᠨ ᠠᠬᠠᠮᠠᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ ᠂ ᠰᠣᠩᠭᠤᠳᠠᠭ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠬᠢᠭᠡᠳ ᠬᠡᠷ ᠰᠤᠷᠭᠠᠭᠤᠯᠢ ᠶᠢᠨ ᠬᠠᠮᠲᠤᠷᠠᠯᠴᠠᠭ᠎ᠠ ᠶᠢ ᠨᠡᠮᠡᠭᠳᠡᠭᠦᠯᠪᠡ᠃
   ᠰᠠᠨ ᠵᠢᠶᠧ ᠪᠠᠭ᠎ᠠ ᠰᠤᠷᠭᠠᠭᠤᠯᠢ ᠶᠢᠨ ᠲᠦᠷᠪᠡᠳᠦᠭᠡᠷ ᠤᠨ ᠤ ᠳᠥᠷᠪᠡᠳᠦᠭᠡᠷ ᠠᠩᠭᠢ ᠶᠢᠨ ᠴᠠᠩ ᠹᠠᠩ ᠶᠤᠸᠠᠨ ᠄ ︽ᠬᠤᠶᠢᠰᠢᠳᠠ᠂ ᠪᠢ ᠦᠷᠭᠦᠯᠵᠢᠯᠡᠨ ᠰᠠᠶᠢᠨ ᠨᠤᠮ ᠤᠩᠰᠢᠵᠤ ᠦᠰᠦᠭ ᠢᠶᠠᠨ ᠰᠠᠶᠢᠨ ᠪᠢᠴᠢᠵᠦ ᠰᠠᠶᠢᠨ ᠬᠥᠮᠦᠨ ᠪᠤᠯᠬᠤ ᠵᠣᠷᠢᠯᠲᠠ ᠪᠠᠨ ᠦᠶᠯᠡᠳᠦᠯᠭᠡᠵᠢᠭᠦᠯᠵᠦ᠂ ᠬᠡᠬᠦᠳᠡᠭ ᠴᠡᠭᠡᠵᠢᠨ ᠳᠡᠭᠡᠨ ᠰᠢᠯᠦᠭ ᠨᠣᠮ ᠲᠠᠢ ᠡᠮᠬᠢ ᠵᠢᠷᠤᠮ ᠲᠠᠢ ᠨᠡᠷᠡᠨ ᠭᠡᠷᠡᠯᠲᠦ ᠪᠠᠭᠠᠴᠤᠳ ᠪᠣᠯᠬᠤ ᠪᠠᠷ ᠴᠢᠷᠮᠠᠶᠢᠨ᠎ᠠ᠃︾ ᠭᠡᠵᠡᠢ᠃    ︽ᠮᠠᠨ ᠤ ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠳᠡᠯᠡᠬᠡᠢ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠳᠤ ᠣᠷᠣᠯᠴᠠᠬᠤ ᠳᠤᠷᠠᠲᠠᠢ᠂ ᠪᠠᠰᠠ ᠮᠠᠨ ᠤ ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠨᠣᠮ ᠤᠩᠰᠢᠬᠤ ᠶᠢ ᠪᠠᠷᠢᠮᠲᠠᠯᠠᠬᠤ ᠶᠢ ᠬᠦᠰᠡᠵᠦ ᠪᠠᠶᠢᠨ᠎ᠠ᠃︾ ᠭᠡᠵᠦ ᠰᠤᠷᠤᠭᠴᠢ ᠶᠢᠨ ᠭᠡᠷ ᠤᠨ ᠠᠬᠠᠮᠠᠳ ᠯᠦ ᠰᠢᠤᠸᠠᠢ ᠬᠡᠯᠡᠪᠡ᠃
   ᠰᠠᠨ ᠵᠢᠶᠧ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ ᠨᠢᠭᠡᠳᠦᠭᠡᠷ ᠠᠩᠭᠢ ᠶᠢᠨ ᠡᠷᠬᠢᠯᠡᠭᠴᠢ ᠸᠠᠩ ᠶᠢᠩ ᠄ ︽ᠨᠣᠮ ᠤᠩᠰᠢᠬᠤ ᠪᠠ ᠬᠥᠮᠦᠨ ᠪᠣᠯᠬᠤ ᠪᠣᠯ ᠮᠠᠨ ᠤ ᠰᠠᠨ ᠵᠢᠶᠧ ᠪᠠᠭ᠎ᠠ ᠰᠤᠷᠭᠠᠭᠤᠯᠢ ᠶᠢᠨ ᠪᠢᠴᠢᠭ ᠤᠨ ᠰᠤᠷᠪᠤᠯᠵᠢᠲᠠᠨ ᠤ ᠰᠤᠷᠭᠠᠭᠤᠯᠢ ᠶᠢᠨ ᠬᠦᠷᠢᠶᠡᠨ ᠤ ᠭᠤᠤᠯ ᠬᠠᠷᠠᠯᠲᠠ ᠮᠥᠨ᠃ ᠪᠢᠳᠡᠨ ᠤ ᠬᠠᠷᠠᠯᠲᠠ ᠪᠣᠯ ᠬᠡᠬᠦᠳᠡᠭ ᠳᠦᠭᠦᠷᠡᠩ ᠨᠣᠮ ᠪᠢᠴᠢᠭ ᠲᠠᠢ᠃ ᠡᠨᠡ ᠤᠳᠠᠭᠠᠨ ᠤ ᠠᠵᠢᠯᠯᠠᠭ᠎ᠠ ᠨᠢ ᠮᠠᠨ ᠤ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠢ ᠨᠠᠰᠤᠨ ᠲᠤᠷᠰᠢᠳᠠ ᠨᠣᠮ ᠤᠩᠰᠢᠬᠤ ᠢᠲᠡᠭᠡᠯ ᠲᠠᠢ ᠪᠣᠯᠭᠠᠵᠠᠶ᠃ ᠨᠣᠮ ᠤᠩᠰᠢᠬᠤ ᠦᠷ᠎ᠡ ᠶᠢ ᠲᠠᠷᠢᠵᠤ᠂ ᠦᠰᠦᠭ ᠪᠢᠴᠢᠭ ᠳᠡᠭᠡᠭᠰᠢᠯᠡᠬᠦ ᠦᠪᠡᠳᠡᠭᠰᠢ ᠳᠠᠶᠢᠯᠠᠯᠭ᠎ᠠ ᠶᠢ ᠬᠦᠯᠢᠶᠡᠨ᠎ᠡ᠃︾ ᠭᠡᠵᠡᠢ᠃    ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠨᠣᠮ ᠤᠨ ᠰᠠᠩ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠠᠬᠢᠭᠤᠯᠬᠤ᠂ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠭᠤᠣᠯ ᠪᠣᠯᠭᠠᠵᠤ᠂ ᠰᠣᠶᠣᠯ ᠤᠨ ᠵᠢᠭᠰᠠᠭᠠᠯ ᠤᠨ ᠭᠠᠵᠠᠷ ᠢ ᠥᠷᠭᠡᠳᠬᠡᠬᠦ᠂ ᠨᠣᠮ ᠤᠨ ᠰᠠᠩ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠠᠷᠭ᠎ᠠ ᠬᠡᠯᠪᠡᠷᠢ ᠪᠠᠷ ᠪᠢᠴᠢᠭ ᠤᠨ ᠰᠤᠷᠪᠤᠯᠵᠢᠲᠤ ᠨᠡᠶᠢᠭᠡᠮ ᠢ ᠢᠳᠡᠪᠬᠢᠲᠡᠢ ᠪᠠᠶᠢᠭᠤᠯᠵᠤ᠂ ᠣᠷᠣᠨ ᠨᠤᠲᠤᠭ ᠤᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃
   ᠲᠦᠴᠢᠦᠸᠠᠨ ᠰᠢᠶᠠᠨ ᠤ ᠨᠣᠮ ᠤᠨ ᠰᠠᠩ ᠤᠨ ᠪᠦᠬᠦ ᠠᠷᠠᠳ ᠢᠶᠠᠷ ᠢᠶᠠᠨ ᠤᠩᠰᠢᠬᠤ ᠶᠢ ᠳᠡᠯᠭᠡᠷᠡᠭᠦᠯᠦᠭᠴᠢ ᠯᠢ ᠰᠢᠨ ᠰᠢᠨ᠄ ︽ᠡᠨᠡ ᠵᠢᠯ᠂ ᠰᠣᠩᠭᠤᠳᠠᠭ ᠪᠦᠲᠦᠭᠡᠯ ᠤᠩᠰᠢᠵᠤ᠂ ᠤᠶᠠᠩᠭᠠᠳᠤ ᠲᠠᠭᠤᠤ ᠲᠦᠴᠢᠤᠸᠠᠨ ᠳᠤ ᠲᠠᠭᠤᠷᠢᠰᠤᠨ᠎ᠠ ᠪᠣᠯ ᠨᠣᠮ ᠤᠨ ᠰᠠᠩ ᠪᠠ ᠰᠤᠷᠭᠠᠭᠤᠯᠢ ᠶᠢᠨ ᠬᠠᠮᠲᠤᠷᠠᠨ ᠥᠷᠨᠢᠭᠦᠯᠦᠭᠰᠡᠨ ᠭᠤᠷᠪᠠᠳᠤᠭᠠᠷ ᠬᠤᠭᠤᠴᠠᠭᠠᠨ ᠤ ᠪᠦᠬᠦ ᠠᠷᠠᠳ ᠢᠶᠠᠷ ᠢᠶᠠᠨ ᠤᠩᠰᠢᠬᠤ ᠠᠵᠢᠯᠯᠠᠭ᠎ᠠ ᠪᠣᠯᠤᠨ᠎ᠠ᠂ ᠲᠦᠴᠢᠦᠸᠠᠨ ᠰᠢᠶᠠᠨ ᠤ ᠨᠣᠮ ᠤᠨ ᠰᠠᠩ ᠨᠢ ᠠᠵᠢᠯᠯᠠᠭ᠎ᠠ ᠡᠷᠬᠢᠯᠡᠬᠦ ᠲᠠᠯ᠎ᠠ ᠪᠤᠯᠤᠭᠰᠠᠨ ᠬᠤᠪᠢ ᠳᠤ ᠨᠣᠮ ᠤᠩᠰᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠦᠴᠢᠤᠸᠠᠨ ᠤ ᠰᠣᠶᠣᠯ ᠤᠨ ᠪᠠᠶᠢᠭᠤᠯᠤᠯᠲᠠ ᠶᠢ ᠰᠠᠶᠢᠲᠤᠷ ᠬᠢᠨ᠎ᠠ᠃︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号