56 ᠳᠠᠬᠢ ︽ᠳᠡᠯᠡᠬᠡᠶ ᠶᠢᠨ ᠪᠥᠮᠪᠥᠷᠴᠡᠭ ᠤᠨ ᠡᠳᠦᠷ︾ ᠢ ᠤᠭᠲᠤᠬᠤ ᠶᠢᠨ ᠲᠥᠯᠥᠭᠡ᠂ ᠰᠢᠶᠠᠨ ᠤ ᠭᠦᠩ | ᠨᠦᠩ ᠪᠠᠭ᠎ᠠ ᠰᠤᠷᠭᠠᠭᠤᠯᠢ ︽ᠳᠡᠯᠡᠬᠡᠶ ᠶᠢᠨ ᠪᠥᠮᠪᠥᠷᠴᠡᠭ ᠤᠨ ᠡᠬᠢ ᠪᠠᠶᠠᠯᠢᠭ ᠢ ᠨᠠᠨᠳᠢᠩᠨᠠᠨ᠂ ᠬᠥᠭᠵᠢᠯᠲᠡ ᠶᠢᠨ | ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠢ ᠰᠠᠨᠠᠭᠠᠴᠢᠯᠠᠬᠤ︾ ᠭᠤᠤᠯ | ᠰᠡᠳᠦᠪᠲᠦ ᠠᠩᠭᠢ ᠶᠢᠨ ᠬᠤᠷᠠᠯ ᠤᠨ ᠠᠵᠢᠯᠯᠠᠭ᠎ᠠ ᠥᠷᠨᠢᠭᠦᠯᠵᠦ᠂ ᠮᠡᠳᠡᠯᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠂ ᠪᠠᠭᠰᠢ ᠰᠣᠷᠣᠭᠴᠢ ᠬᠠᠷᠢᠯᠴᠠᠨ ᠬᠥᠳᠡᠯᠦᠯᠴᠡᠬᠦ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠪᠣᠶ ᠪᠣᠯᠭᠠᠵᠤ᠂ ᠪᠣᠬᠢᠷᠲᠤᠯ ᠥᠬᠡᠶ | ᠠᠮᠢᠳᠤᠷᠠᠯ ᠤᠨ ᠠᠷᠭ᠎ᠠ ᠮᠠᠶ᠋ᠢᠭ ᠢ ᠦᠶᠯᠡᠳᠦᠯᠭᠡᠵᠢᠭᠦᠯᠵᠦ᠂ ᠳᠡᠯᠡᠬᠡᠶ ᠶᠢᠨ ᠪᠥᠮᠪᠥᠷᠴᠡᠭ ᠤᠨ ᠰᠠᠬᠢᠨ ᠬᠠᠮᠠᠭᠠᠯᠠᠭᠴᠢ | ᠪᠣᠯᠬᠤ ᠪᠠᠷ ᠴᠢᠷᠮᠠᠶᠢᠪᠠ᠃ | | ᠳᠥᠷᠪᠡᠳᠦᠭᠡᠷ ᠣᠨ ᠤ ᠨᠢᠭᠡᠳᠦᠭᠡᠷ ᠠᠩᠭᠢ ᠶᠢᠨ ᠬᠢᠴᠢᠶᠡᠯ ᠤᠨ ᠬᠡᠷ ᠲᠤ᠂ ᠠᠩᠭᠢ ᠶᠢᠨ ᠡᠷᠬᠢᠯᠡᠭᠴᠢ ᠬᠤ᠋ ᠮᠧᠶ | ᠯᠢᠩ ᠣᠯᠠᠨ ᠵᠠᠭᠤᠴᠢᠳᠤ ᠬᠢᠴᠢᠶᠡᠯ ᠢᠶᠠᠷ ᠳᠠᠮᠵᠢᠭᠤᠯᠤᠨ ᠰᠤᠷᠤᠭᠴᠢᠳ ᠲᠤ ︽ᠳᠡᠯᠡᠬᠡᠶ ᠶᠢᠨ ᠪᠥᠮᠪᠥᠷᠴᠡᠭ ᠤᠨ | ᠡᠳᠦᠷ︾ ᠤᠨ ᠡᠭᠦᠰᠦᠯ ᠪᠠ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠵᠤ᠂ ︽ᠳᠡᠯᠡᠬᠡᠶ ᠳᠡᠭᠡᠷᠡᠬᠢ 40 % ᠶᠢᠨ | ᠬᠥᠮᠦᠨ ᠬᠦᠨᠳᠦ ᠨᠣᠴᠢᠲᠠᠶ ᠤᠰᠤ ᠳᠤᠲᠠᠭᠳᠠᠵᠤ ᠪᠠᠶᠢᠨ᠎ᠠ︾᠂ ︽ᠬᠡᠲᠦᠷᠬᠡᠢ ᠠᠩᠨᠠᠵᠤ ᠱᠦᠭᠦᠭᠡᠳ 1 / 3 ᠶᠢᠨ | ᠵᠢᠭᠠᠰᠤᠨ ᠤ ᠲᠥᠷᠥᠯ ᠤᠨ ᠡᠬᠢ ᠪᠠᠶᠠᠯᠢᠭ ᠢ ᠬᠤᠭᠤᠰᠣᠷᠠᠭᠤᠯᠤᠭᠰᠠᠨ︾ ᠵᠡᠷᠭᠡ ᠬᠥᠮᠦᠰ ᠢ ᠰᠣᠴᠢᠭᠠᠮ᠎ᠠ ᠲᠤᠭ᠎ᠠ | ᠪᠠᠷᠢᠮᠲᠠ ᠨᠤᠭᠤᠳ ᠨᠢ ᠣᠷᠴᠢᠨ ᠠᠬᠤᠶ ᠮᠠᠭᠤᠳᠠᠵᠤ ᠪᠠᠶᠢᠭ᠎ᠠ ᠣᠳᠣᠬᠢ ᠪᠠᠶᠢᠳᠠᠯ ᠢ ᠢᠯᠡᠷᠡᠭᠦᠯᠵᠦ᠂ ᠳᠡᠯᠡᠬᠡᠶ ᠶᠢᠨ | ᠪᠥᠮᠪᠥᠷᠴᠡᠭ ᠲᠤ ᠲᠤᠯᠭᠠᠷᠠᠵᠤ ᠪᠠᠶᠢᠭ᠎ᠠ ᠬᠠᠲᠠᠭᠤ ᠴᠢᠩᠭ᠎ᠠ ᠥᠷᠢᠰᠥᠯᠳᠦᠭᠡᠨ ᠢ ᠰᠢᠭᠤᠳ ᠳᠡᠯᠭᠡᠨ ᠦᠵᠡᠭᠦᠯᠵᠦ᠂ | ᠰᠤᠷᠤᠭᠴᠢᠳ ᠢ ᠭᠦᠨ ᠰᠡᠳᠬᠢᠭᠦᠯᠪᠡ᠃ | | ᠦᠢᠯᠡᠳᠦᠯᠴᠡᠬᠦ ᠭᠤᠭᠴᠤᠭ᠎ᠠ ᠬᠦᠷ ᠬᠥᠭᠵᠢᠶᠡᠨ ᠢᠶᠠᠷ ᠪᠢᠯᠬᠠᠵᠤ᠂ ᠰᠤᠷᠤᠭᠴᠢᠳ ᠭᠠᠷ ᠡᠷᠭᠦᠨ ᠶᠠᠷᠢᠶ᠎ᠠ | ᠲᠠᠯᠪᠢᠵᠤ᠂ ᠳᠡᠯᠡᠬᠡᠢ ᠶᠢᠨ ᠪᠥᠮᠪᠥᠷᠴᠡᠭ ᠲᠤ ᠲᠤᠯᠭᠠᠷᠠᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ︽ᠥᠴᠦᠬᠡᠨ | ᠠᠷᠭ᠎ᠠ︾ ᠶᠢ ᠳᠤᠷᠠᠳᠴᠠᠢ᠃ ᠵᠠᠷᠢᠮ ᠰᠤᠷᠤᠭᠴᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢ ᠭᠠᠷᠬᠤ ᠶᠢ ᠰᠠᠨᠠᠭᠠᠴᠢᠯᠠᠵᠤ | ᠂ ᠵᠠᠷᠢᠮ ᠰᠤᠷᠤᠭᠴᠢ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠦᠭᠡᠢ ᠪᠠᠶᠢᠬᠤ ᠶᠢ ᠤᠷᠢᠶᠠᠯᠠᠵᠤ᠂ ᠪᠠᠰᠠ ᠵᠠᠷᠢᠮ | ᠰᠤᠷᠤᠭᠴᠢ ᠮᠣᠳᠣ ᠲᠠᠷᠢᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠳᠤᠷᠠᠳᠪᠠ᠃ ᠬᠠᠯᠠᠭᠤᠨ ᠢᠶᠠᠷ | ᠶᠠᠷᠢᠯᠴᠠᠬᠤ ᠳᠠᠭᠤᠨ ᠤ ᠳᠤᠮᠳᠠ᠂ ᠳᠡᠯᠡᠬᠡᠶ ᠶᠢᠨ ᠪᠥᠮᠪᠥᠷᠴᠡᠭ ᠢ ᠬᠠᠮᠠᠭᠠᠯᠠᠬᠤ ᠬᠠᠷᠢᠭᠤᠴᠠᠯᠭᠠᠲᠤ ᠤᠬᠠᠮᠰᠠᠷ᠂ ᠦᠷ᠎ᠡ | ᠰᠢᠭ ᠬᠥᠮᠦᠨ ᠪᠣᠯᠭᠠᠨ ᠤ ᠰᠡᠳᠬᠢᠯ ᠳᠤ ᠨᠠᠬᠢᠶᠠᠯᠠᠨ᠎ᠠ᠃ | | ᠰᠤᠷᠤᠭᠴᠢ ᠲᠦᠩ ᠽᠢ ᠷᠦᠢ᠄ ︽ᠪᠢᠳᠡ ᠪᠦᠷᠢᠯᠭᠡᠨ ᠰᠦᠶᠳᠬᠡᠬᠦ ᠦᠭᠡᠢ ᠪᠠᠶᠢᠬᠤ ᠶᠢ ᠪᠡᠶᠡᠯᠡᠭᠦᠯᠵᠦ᠂ ᠤᠰᠤ | ᠴᠠᠬᠢᠯᠭᠠᠨ ᠢ ᠠᠷᠪᠢᠯᠠᠨ ᠬᠡᠷᠡᠭᠯᠡᠵᠦ᠂ ᠰᠦᠯᠢᠶᠣᠣ ᠶᠢᠨ ᠪᠣᠬᠢᠷᠲᠤᠯ ᠢ ᠪᠠᠭᠠᠰᠬᠠᠵᠤ᠂ ᠪᠠᠭ᠎ᠠ ᠶᠠᠪᠤᠳᠠᠯ ᠠᠴᠠ ᠡᠬᠢᠯᠡᠨ | ᠬᠢᠵᠦ᠂ ᠡᠬᠢ ᠪᠠᠶᠠᠯᠢᠭ ᠢ ᠬᠠᠮᠠᠭᠠᠯᠠᠬᠤ ᠪᠣᠯ ᠳᠠᠷᠤᠶ ᠪᠢᠳᠡᠨ ᠤ ᠢᠷᠡᠭᠡᠳᠦᠶ ᠪᠠᠨ ᠬᠠᠮᠠᠭᠠᠯᠠᠵᠤ ᠪᠠᠶᠢᠭ᠎ᠠ ᠶᠠᠪᠤᠳᠠᠯ | ᠮᠥᠨ᠃︾ ᠭᠡᠵᠡᠢ᠃ | ︽ᠳᠡᠯᠡᠬᠡᠢ ᠶᠢᠨ ᠪᠥᠮᠪᠥᠷᠴᠡᠭ ᠪᠣᠯ ᠪᠢᠳᠡᠨ ᠤ ᠬᠠᠮᠲᠤ ᠶᠢᠨ ᠭᠡᠷ ᠪᠦᠯᠢ ᠮᠥᠨ᠂ ᠲᠡᠷᠡ ᠨᠢ ᠡᠵᠢ ᠰᠢᠭ ᠪᠢᠳᠡᠨ | ᠢ ᠬᠥᠮᠦᠵᠢᠭᠦᠯᠵᠦ ᠪᠠᠶᠢᠳᠠᠭ᠂ ᠪᠢᠳᠡ ᠥᠪᠡᠷ ᠤᠨ ᠨᠢᠳᠦ ᠪᠠᠨ ᠬᠠᠶᠢᠷᠠᠯᠠᠬᠤ ᠰᠢᠭ ᠢᠶᠠᠷ ᠳᠡᠯᠡᠬᠡᠢ ᠶᠢᠨ ᠪᠥᠮᠪᠥᠷᠴᠡᠭ ᠢ | ᠬᠠᠶᠢᠷᠠᠯᠠᠬᠤ ᠬᠡᠷᠡᠭᠲᠡᠢ᠃ ᠳᠤᠷ᠎ᠠ ᠪᠠᠷ ᠬᠤᠭ ᠬᠠᠶᠠᠬᠤ ᠦᠭᠡᠢ᠂ ᠳᠡᠯᠡᠬᠡᠶ ᠶᠢᠨ ᠪᠥᠮᠪᠥᠷᠴᠡᠭ ᠡᠵᠢ ᠶᠢᠨ ᠨᠢᠭᠤᠷ ᠢ | ᠨᠠᠩ ᠴᠡᠪᠡᠷ ᠪᠣᠯᠭᠠᠨ᠎ᠠ︔ ᠤᠰᠤ ᠶᠢ ᠠᠷᠪᠢᠯᠠᠵᠤ᠂ ᠳᠡᠯᠡᠬᠡᠶ ᠶᠢᠨ ᠪᠥᠮᠪᠥᠷᠴᠡᠭ ᠡᠵᠢ ᠶᠢᠨ ᠴᠢᠰᠤ ᠶᠢ ᠨᠠᠩ | ᠭᠦᠶᠴᠡᠳ ᠪᠣᠯᠭᠠᠨ᠎ᠠ︔ ᠣᠯᠠᠨ ᠵᠦᠶᠯ ᠤᠨ ᠮᠣᠳᠣ ᠲᠠᠷᠢᠵᠤ᠂ ᠳᠡᠯᠡᠬᠡᠶ ᠶᠢᠨ ᠪᠥᠮᠪᠥᠷᠴᠡᠭ ᠡᠵᠢ ᠶᠢᠨ ᠠᠮᠢᠰᠬᠤᠯ ᠢ | ᠨᠠᠩ ᠲᠠᠭᠠᠲᠠᠶ ᠪᠣᠯᠭᠠᠨ᠎ᠠ᠃ ᠪᠢᠳᠡ ᠬᠠᠮᠲᠤ ᠪᠠᠷ ᠳᠡᠯᠡᠬᠡᠶ ᠶᠢᠨ ᠪᠥᠮᠪᠥᠷᠴᠡᠭ ᠤᠨ ᠪᠢᠴᠢᠬᠠᠨ ᠬᠠᠮᠠᠭᠠᠯᠠᠭᠴᠢ ᠪᠣᠯᠤᠶ᠎ᠠ᠂ | ᠪᠠᠭ᠎ᠠ ᠬᠥᠳᠡᠯᠭᠡᠭᠡᠨ ᠢᠶᠠᠷ ᠲᠣᠮᠣ ᠳᠡᠯᠡᠬᠡᠶ ᠶᠢᠨ ᠪᠥᠮᠪᠥᠷᠴᠡᠭ ᠢ ᠬᠠᠮᠠᠭᠠᠯᠠᠶ᠎ᠠ᠃ ᠳᠡᠯᠡᠬᠡᠶ ᠶᠢᠨ ᠪᠥᠮᠪᠥᠷᠴᠡᠭ ᠤᠨ ᠡᠳᠦᠷ | ᠂ ᠪᠢᠳᠡ ᠬᠠᠮᠲᠤ ᠪᠠᠷ ᠳᠡᠯᠡᠬᠡᠶ ᠶᠢᠨ ᠪᠥᠮᠪᠥᠷᠴᠡᠭ ᠡᠵᠢ ᠳᠤ ᠬᠦᠴᠦ ᠨᠡᠮᠡᠶ᠎ᠡ︕︾ ᠭᠡᠵᠦ ᠰᠤᠷᠤᠭᠴᠢ ᠭᠤᠤ ᠱᠠᠨ | ᠬᠡᠯᠡᠪᠡ᠃ | | ᠲᠣᠰ ᠤᠳᠠᠭᠠᠨ ᠤ ᠭᠤᠤᠯ ᠰᠡᠳᠦᠪᠲᠦ ᠠᠩᠭᠢ ᠶᠢᠨ ᠬᠤᠷᠠᠯ ᠨᠢ ᠰᠤᠷᠤᠭᠴᠢᠳ ᠲᠤ ︽ᠳᠡᠯᠡᠬᠡᠶ ᠶᠢᠨ | ᠪᠥᠮᠪᠥᠷᠴᠡᠭ ᠤᠨ ᠰᠡᠷᠡᠮᠵᠢ ᠶᠢᠨ ᠬᠢᠴᠢᠶᠡᠯ︾ ᠢ ᠣᠷᠣᠵᠤ᠂ ᠰᠤᠷᠤᠭᠴᠢᠳ ᠲᠤ ᠳᠡᠯᠡᠬᠡᠶ ᠶᠢᠨ ᠪᠥᠮᠪᠥᠷᠴᠡᠭ ᠲᠤ | ᠲᠤᠯᠭᠠᠷᠠᠵᠤ ᠪᠠᠶᠢᠭ᠎ᠠ ᠬᠢᠮᠤᠷᠠᠯ ᠢ ᠭᠦᠨᠵᠡᠭᠡᠶ ᠣᠶᠢᠯᠠᠭᠠᠭᠤᠯᠵᠤ᠂ ᠳᠡᠯᠡᠬᠡᠶ ᠶᠢᠨ ᠪᠥᠮᠪᠥᠷᠴᠡᠭ ᠢ ᠬᠠᠮᠠᠭᠠᠯᠠᠬᠤ | ᠲᠤᠯᠭᠠᠮ᠎ᠠ ᠴᠢᠨᠠᠷ ᠪᠠ ᠴᠢᠬᠤᠯᠠ ᠴᠢᠨᠠᠷ ᠢ ᠲᠠᠨᠢᠭᠤᠯᠪᠠ᠃ | | ︽ᠳᠡᠯᠡᠬᠡᠶ ᠶᠢᠨ ᠪᠥᠮᠪᠥᠷᠴᠡᠭ ᠢ ᠬᠠᠮᠠᠭᠠᠯᠠᠬᠤ ᠡᠳᠦᠷ ᠪᠢᠳᠡᠨ ᠳᠤ᠂ ᠬᠥᠮᠦᠨ ᠲᠥᠷᠥᠯᠬᠢᠲᠡᠨ ᠬᠢᠭᠡᠳ ᠪᠠᠶᠢᠭᠠᠯᠢ | ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠲᠡᠷᠡ ᠨᠢ ᠣᠷᠴᠢᠨ ᠠᠬᠤᠶ ᠶᠢᠨ ᠬᠠᠮᠠᠭᠠᠯᠠᠯᠲᠠ ᠶᠢᠨ | ᠤᠬᠠᠭᠤᠯᠭ᠎ᠠ ᠶᠢᠨ ᠴᠣᠩᠬᠤ ᠪᠣᠯᠬᠤ ᠪᠠᠷ ᠪᠠᠷᠠᠬᠤ ᠥᠬᠡᠶ᠂ ᠨᠠᠩ ᠴᠤ ᠰᠤᠷᠤᠭᠴᠢᠳ ᠤᠨ ᠬᠠᠷᠢᠭᠤᠴᠠᠯᠭᠠᠲᠤ | ᠰᠡᠳᠬᠢᠯᠭᠡ ᠶᠢ ᠬᠥᠭᠵᠢᠭᠡᠬᠦ ᠠᠵᠠ ᠲᠣᠬᠢᠶᠠᠯ ᠮᠥᠨ᠂ ᠰᠤᠷᠤᠭᠴᠢᠳ ᠢ ᠳᠡᠷᠭᠡᠳᠡᠬᠢ ᠵᠢᠵᠢᠭ ᠰᠠᠵᠢᠭ ᠶᠠᠪᠤᠳᠠᠯ ᠠᠴᠠ | ᠡᠬᠢᠯᠡᠨ ᠬᠢᠯᠭᠡᠵᠦ᠂ ᠠᠮᠢ ᠠᠬᠤᠶ ᠣᠷᠴᠢᠨ ᠠᠬᠤᠶ ᠶᠢ ᠬᠠᠮᠠᠭᠠᠯᠠᠬᠤ ᠤᠷᠢᠶ᠎ᠠ ᠶᠢ ᠡᠳᠦᠷ ᠲᠤᠲᠤᠮ ᠤᠨ ᠠᠵᠢᠯᠯᠠᠭ᠎ᠠ | ᠪᠣᠯᠭᠠᠵᠤ᠂ ᠣᠷᠴᠢᠨ ᠠᠬᠤᠶ ᠶᠢᠨ ᠬᠠᠮᠠᠭᠠᠯᠠᠯᠲᠠ ᠶᠢ ᠰᠤᠷᠤᠭᠴᠢᠳ ᠤᠨ ᠰᠡᠳᠬᠢᠯ ᠤᠨ ᠬᠡᠷᠡᠯ ᠭᠢᠯᠪᠠᠭ᠎ᠠ ᠪᠣᠯᠭᠠᠵᠤ᠂ | ᠲᠡᠳᠡᠨ ᠢ ᠳᠠᠭᠠᠭᠤᠯᠤᠨ ᠨᠠᠩ ᠪᠣᠬᠢᠷᠲᠤᠯ ᠥᠬᠡᠶ ᠢᠷᠡᠭᠡᠳᠦᠶ ᠶᠢ ᠭᠡᠷᠡᠯᠲᠦᠭᠦᠯᠦᠨ᠎ᠡ᠃ ᠬᠤᠶᠢᠰᠢᠳᠠ ᠶᠢᠨ ᠵᠢᠭᠠᠨ | ᠰᠤᠷᠭᠠᠯᠲᠠ ᠳᠤᠮᠳᠠ᠂ ᠪᠢᠳᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠬᠢᠴᠢᠶᠡᠯ ᠤᠨ ᠲᠠᠩᠬᠢᠮ ᠳᠤ | ᠠᠭᠤᠰᠤᠯᠴᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠰᠤᠷᠤᠭᠴᠢᠳ ᠤᠨ ᠰᠡᠳᠬᠢᠯ ᠳᠤ | ᠬᠠᠳᠠᠩᠰᠢᠭᠤᠯᠵᠤ᠂ ᠰᠤᠷᠤᠭᠴᠢ ᠨᠢᠭᠡᠪᠦᠷᠢ ᠶᠢ ᠬᠥᠳᠡᠯᠦᠯᠴᠡᠭᠦᠯᠵᠦ᠂ ᠪᠣᠬᠢᠷᠲᠤᠯ ᠦᠭᠡᠢ ᠣᠷᠴᠢᠨ ᠲᠣᠭᠤᠷᠢᠨ ᠢ | ᠬᠠᠮᠠᠭᠠᠯᠠᠵᠤ᠂ ᠣᠷᠴᠢᠨ ᠲᠣᠭᠤᠷᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠣᠯᠭᠠᠨ᠎ᠠ᠃︾ | ᠭᠡᠵᠦ ᠲᠦᠷᠪᠡᠳᠦᠭᠡᠷ ᠤᠨ ᠤ ᠨᠢᠭᠡᠳᠦᠭᠡᠷ ᠠᠩᠬᠢ ᠶᠢᠨ ᠡᠷᠬᠢᠯᠡᠭᠴᠢ ᠬᠣ᠋ ᠮᠧᠢ ᠯᠢᠩ ᠬᠡᠯᠡᠪᠡ᠃ |