ᠡᠨᠡ ᠵᠢᠯ ᠪᠣᠯ 30 ᠳ᠋ᠤᠭᠠᠷ ︽ᠳᠡᠯᠡᠬᠡᠶ ᠶᠢᠨ ᠨᠣᠮ ᠤᠩᠰᠢᠬᠤ ᠡᠳᠦᠷ︾ ᠪᠣᠯᠤᠨ᠎ᠠ᠂ ᠭᠤᠤᠯ ᠰᠡᠳᠦᠪ ᠨᠢ ︽ | ᠤᠩᠰᠢᠯᠭ᠎ᠠ᠄ ᠢᠷᠡᠭᠡᠳᠦᠶ ᠳᠤ ᠨᠡᠪᠲᠡᠷᠡᠬᠦ ᠬᠥᠭᠦᠷᠭᠡ︾ ᠪᠣᠯᠤᠨ᠎ᠠ᠃ ︽ᠪᠥᠬᠦ ᠠᠷᠠᠳ ᠢᠶᠠᠷ ᠢᠶᠠᠨ ᠨᠣᠮ ᠤᠩᠰᠢᠬᠤ︾ | ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠨᠣᠮ ᠤᠩᠰᠢᠬᠤ ᠪᠠᠷ ᠳᠡᠮᠵᠢᠨ ᠬᠠᠷᠠᠭ᠎ᠠ ᠪᠠᠨ ᠥᠷᠭᠡᠳᠬᠡᠨ᠂ ᠣᠶᠤᠨ | ᠤᠬᠠᠭᠠᠨ ᠢᠶᠠᠨ ᠳᠠᠮᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ ᠣᠯᠠᠨ ᠰᠠᠯᠠᠭ᠎ᠠ ᠮᠥᠴᠢᠷ ᠭᠤᠤᠯ | ᠰᠡᠳᠦᠪᠲᠦ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠲᠦᠴᠢᠤᠸᠠᠨ ᠤ ᠰᠣᠶᠣᠯ ᠤᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠰᠠᠶᠢᠲᠤᠷ ᠬᠢᠨ᠎ᠡ᠃ | | ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠰᠠᠨᠠᠭᠠᠴᠢᠯᠠᠵᠤ᠂ ᠨᠣᠮ ᠤᠨ ᠰᠤᠷᠪᠤᠯᠵᠢᠲᠤ ᠲᠦᠴᠢᠦᠸᠠᠨ ᠢ | ᠴᠣᠭᠴᠠᠯᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠨᠣᠮ ᠤᠨ ᠰᠠᠩ ᠰᠢᠶᠠᠨ ᠤ ᠰᠤᠷᠭᠠᠨ ᠬᠥᠮᠦᠵᠢᠯ ᠤᠨ | ᠲᠣᠪᠴᠢᠶ᠎ᠠ ᠲᠠᠢ ᠬᠠᠮᠲᠤᠷᠠᠨ ᠶᠦᠩ ᠠᠨ ᠪᠠᠯᠭᠠᠰᠤᠨ ᠤ ᠭᠤᠣᠯ ᠪᠠᠭ᠎ᠠ ᠰᠤᠷᠭᠠᠭᠤᠯᠢ᠂ ᠰᠠᠨ ᠵᠢᠶᠧ ᠪᠠᠭ᠎ᠠ | ᠰᠤᠷᠭᠠᠭᠤᠯᠢ ᠳᠤ ᠬᠦᠷᠴᠦ ᠭᠤᠣᠯ ᠰᠡᠳᠦᠪᠲᠦ ᠨᠣᠮ ᠤᠩᠰᠢᠬᠤ ᠡᠳᠦᠷ ᠤᠨ ᠠᠵᠢᠯᠯᠠᠭ᠎ᠠ ᠥᠷᠨᠢᠭᠦᠯᠪᠡ᠃ | | 4 ᠰᠠᠷ᠎ᠠ ᠶᠢᠨ 21 ᠤ ᠡᠳᠦᠷ᠂ ᠶᠦᠩ ᠠᠨ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠳᠤ ᠥᠷᠨᠢᠭᠦᠯᠦᠭᠰᠡᠨ | ︽ᠰᠣᠩᠭᠤᠳᠠᠭ ᠪᠦᠲᠦᠭᠡᠯ ᠤᠩᠰᠢᠵᠤ᠂ ᠤᠶᠠᠩᠭᠠᠳᠤ ᠲᠠᠭᠤᠤ ᠲᠦᠴᠢᠤᠸᠠᠨ ᠳᠤ ᠲᠠᠭᠤᠷᠢᠰᠤᠨ᠎ᠠ︾ ᠭᠡᠬᠦ ᠪᠥᠬᠦ | ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠦᠴᠢᠦᠸᠠᠨ ᠰᠢᠶᠠᠨ ᠤ ᠨᠣᠮ ᠤᠨ | ᠰᠠᠩ 300 ᠳᠡᠪᠲᠡᠷ ᠨᠣᠮ ᠬᠠᠨᠳᠢᠪᠯᠠᠪᠠ᠃ | | ︽ᠡᠨᠡ ᠤᠳᠠᠭᠠᠨ ᠤ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠪᠠᠷ ᠳᠡᠮᠵᠢᠨ᠂ ᠰᠤᠷᠤᠭᠴᠢᠳ ᠤᠨ | ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ᠂ ᠪᠢᠳᠡᠨ ᠤ ᠲᠣᠰ ᠪᠡᠶ᠎ᠡ ᠶᠢᠨ ᠪᠣᠯᠪᠠᠰᠤᠷᠠᠯ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠪᠢᠳᠡᠨ ᠤ ᠦᠵᠡᠯ ᠰᠡᠳᠬᠢᠯᠭᠡ ᠶᠢ ᠪᠣᠯᠪᠠᠰᠤᠷᠠᠭᠤᠯᠵᠠᠶ᠃ ᠮᠠᠨ ᠤ | ᠰᠤᠷᠭᠠᠭᠤᠯᠢ ᠭᠠᠷᠠᠭ ᠪᠦᠷᠢ ᠬᠢᠴᠢᠶᠡᠯ ᠤᠨ ᠭᠠᠳᠠᠨᠠᠬᠢ ᠤᠩᠰᠢᠯᠭ᠎ᠠ ᠶᠢᠨ ᠠᠵᠢᠯᠯᠠᠭ᠎ᠠ ᠶᠠᠪᠤᠭᠤᠯᠳᠠᠭ᠂ ᠲᠣᠰ ᠠᠩᠭᠢ | ᠶᠢᠨ ᠬᠡᠯᠡ ᠪᠢᠴᠢᠭ ᠤᠨ ᠪᠠᠭᠰᠢ ᠲᠣᠰ ᠠᠩᠭᠢ ᠶᠢᠨ ᠢᠶᠠᠨ ᠰᠤᠷᠤᠭᠴᠢᠳ ᠢ ᠳᠠᠭᠠᠭᠤᠯᠤᠨ ᠨᠣᠮ ᠤᠨ ᠥᠷᠥᠭᠡᠨ | ᠳᠡᠭᠡᠨ ᠣᠴᠢᠳᠠᠭ᠂ ᠪᠢᠳᠡ ᠳᠤᠮᠳᠠᠳᠤ ᠤᠯᠤᠰ ᠤᠨ ᠨᠠᠷᠠᠲᠤ ᠪᠦᠲᠦᠭᠡᠯ ᠢ ᠤᠩᠰᠢᠬᠤ ᠪᠠᠷ ᠪᠠᠷᠠᠬᠤ ᠥᠬᠡᠶ ᠪᠠᠰᠠ | ᠭᠠᠳᠠᠭᠠᠳᠤ ᠶᠢᠨ ᠨᠠᠷᠠᠲᠤ ᠪᠦᠲᠦᠭᠡᠯ ᠢ ᠤᠩᠰᠢᠳᠠᠭ᠃ ᠨᠣᠮ ᠤᠩᠰᠢᠭᠰᠠᠨ ᠤ ᠳᠠᠷᠠᠭ᠎ᠠ᠂ ᠪᠢᠳᠡ ᠪᠠᠰᠠ ᠬᠠᠮᠲᠤ | ᠰᠤᠷᠤᠭᠴᠢᠳ ᠲᠠᠢ ᠪᠠᠨ ᠨᠣᠮ ᠤᠩᠰᠢᠭᠰᠠᠨ ᠣᠯᠤᠯᠲᠠ ᠲᠥᠷᠥᠭᠳᠡᠯ ᠢᠶᠠᠨ ᠰᠣᠯᠢᠯᠴᠠᠳᠠᠭ᠃︾ ᠭᠡᠵᠦ ᠶᠦᠩ ᠠᠨ | ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠬᠤᠶᠠᠳᠤᠭᠠᠷ ᠠᠩᠭᠢ ᠶᠢᠨ ᠸᠠᠩ ᠢ ᠰᠢᠨ | ᠬᠡᠯᠡᠪᠡ᠃ | | ᠶᠦᠩ ᠠᠨ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠡᠷᠬᠢᠯᠡᠭᠴᠢ ᠵᠢᠢ | ᠰᠢᠶᠤᠤ ᠮᠢᠩ᠄ 《 4 ᠰᠠᠷ᠎ᠠ ᠶᠢᠨ 23 ᠤ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠳᠤ᠂ | ᠨᠣᠮ ᠤᠨ ᠰᠠᠩ ᠮᠠᠨ ᠤ ᠰᠤᠷᠭᠠᠭᠤᠯᠢ ᠳᠤ ᠪᠦᠬᠦ ᠠᠷᠠᠳ ᠤᠨ ᠤᠩᠰᠢᠯᠭ᠎ᠠ ᠶᠢᠨ ᠤᠷᠤᠯᠳᠤᠭᠠᠨ ᠡᠷᠬᠢᠯᠡᠵᠦ ᠮᠠᠨ ᠤ | ᠰᠤᠷᠤᠭᠴᠢ ᠪᠣᠯᠤᠨ ᠰᠤᠷᠭᠠᠭᠤᠯᠢ ᠶᠢᠨ ᠪᠠᠭᠰᠢ ᠳᠤ ᠠᠪᠴᠤ ᠬᠡᠯᠡᠪᠡᠯ ᠮᠠᠰᠢ ᠶᠡᠭᠡ ᠠᠰᠢᠭ ᠬᠦᠷᠲᠡᠨ᠎ᠡ᠃ ᠬᠡᠯᠡ | ᠪᠢᠴᠢᠭ ᠤᠨ ᠪᠠᠭᠰᠢ ᠶᠢᠨ ᠬᠤᠶᠢᠰᠢᠳᠠ ᠶᠢᠨ ᠰᠤᠷᠤᠭᠴᠢᠳ ᠤᠨ ᠤᠩᠰᠢᠯᠭ᠎ᠠ ᠶᠢᠨ ᠤᠷᠤᠯᠳᠤᠭᠠᠨ ᠤ ᠬᠥᠮᠦᠵᠢᠯ ᠢ | ᠨᠡᠮᠡᠭᠳᠡᠭᠦᠯᠦᠭᠰᠡᠨ ᠢᠶᠠᠷ ᠪᠠᠷᠠᠬᠤ ᠦᠭᠡᠶ᠂ ᠪᠠᠰᠠ ᠬᠡᠦᠬᠡᠳ ᠤᠨ ᠬᠡᠯᠡ ᠪᠢᠴᠢᠭ ᠤᠨ ᠪᠣᠯᠪᠠᠰᠤᠷᠠᠯ ᠢ ᠳᠡᠭᠡᠭᠰᠢᠯᠡᠭᠦᠯᠵᠦ | ᠴᠢᠳᠠᠨ᠎ᠠ᠃ ᠡᠨᠡ ᠤᠳᠠᠭ᠎ᠠ ᠶᠢᠨ ᠭᠤᠤᠯ ᠰᠡᠳᠦᠪ ᠪᠣᠯ ᠤᠮᠠᠷᠠᠲᠤ ᠬᠢᠯᠢ ᠶᠢᠨ ᠰᠣᠩᠭᠤᠳᠠᠭ ᠵᠣᠬᠢᠶᠠᠯ ᠢ ᠤᠯᠠᠮᠵᠢᠯᠠᠨ | ᠤᠩᠰᠢᠵᠤ᠂ ᠠᠶᠠᠯᠭᠤᠳᠤ ᠵᠢᠭᠤᠯᠴᠢᠯᠠᠯ ᠥᠪᠥᠷ ᠮᠣᠩᠭᠤᠯ ᠤᠨ ᠰᠡᠳᠬᠢᠯᠭᠡ ᠪᠣᠯᠤᠨ᠎ᠠ᠂ ᠬᠡᠦᠬᠡᠳ ᠤᠳ ᠨᠤᠲᠤᠭ ᠤᠨ | ᠰᠣᠶᠣᠯ ᠳᠠᠭᠠᠨ ᠨᠠᠩ ᠢᠲᠡᠭᠡᠯ ᠲᠠᠢ ᠪᠣᠯᠵᠣ᠂ ᠬᠡᠦᠬᠡᠳ ᠤᠳ ᠤᠨ ᠰᠣᠶᠣᠯ ᠤᠨ ᠢᠲᠡᠭᠡᠯ ᠢ ᠬᠥᠮᠦᠵᠢᠭᠦᠯᠵᠦ᠂ | ᠲᠡᠳᠡᠨ ᠤ ᠣᠮᠤᠭ ᠵᠣᠷᠢᠭ ᠢ ᠬᠥᠪᠴᠢᠯᠡᠨ᠎ᠡ ᠭᠡᠳᠡᠭ ᠢ ᠢᠲᠡᠭᠡᠵᠦ ᠪᠠᠶᠢᠨ᠎ᠠ᠃︾ ᠭᠡᠵᠡᠢ᠃ | | 4 ᠰᠠᠷ᠎ᠠ ᠶᠢᠨ 22 ᠤᠨ ᠡᠳᠦᠷ᠂ ᠰᠠᠨ ᠵᠢᠶᠧ ᠪᠠᠭ᠎ᠠ ᠰᠤᠷᠭᠠᠭᠤᠯᠢ ︽ᠦᠷ᠎ᠡ ᠶᠢ ᠳᠠᠷᠢᠵᠤ ᠴᠡᠴᠡᠭ ᠳᠡᠯᠭᠡᠷᠡᠬᠦ | ᠶᠢ ᠬᠦᠯᠢᠶᠡᠬᠦ︾ ᠨᠣᠮ ᠤᠩᠰᠢᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠰᠣᠩᠭᠤᠳᠠᠭ | ᠪᠦᠲᠦᠭᠡᠯ ᠤᠨ ᠤᠩᠰᠢᠯᠭ᠎ᠠ᠂ ᠵᠠᠭᠤᠨ ᠡᠷᠳᠡᠮᠲᠡᠨ ᠤ ᠶᠠᠷᠢᠶᠠᠨ ᠤ ᠲᠠᠪᠴᠠᠩ᠂ ᠪᠠᠭᠰᠢ ᠶᠢᠨ ᠤᠩᠰᠢᠯᠭ᠎ᠠ᠂ ᠡᠴᠢᠭᠡ | ᠡᠬᠡ ᠦᠷ᠎ᠡ ᠬᠡᠦᠬᠡᠳ ᠤᠨ ᠤᠩᠰᠢᠯᠭ᠎ᠠ ᠪᠠᠷ ᠳᠠᠮᠵᠢᠭᠤᠯᠤᠨ᠂ ᠨᠣᠮ ᠤᠩᠰᠢᠬᠤ ᠭᠦᠨ ᠵᠤᠵᠠᠭᠠᠨ ᠠᠭᠤᠷ ᠠᠮᠢᠰᠬᠤᠯ | ᠢ ᠪᠣᠶ ᠪᠣᠯᠭᠠᠵᠤ᠂ ᠪᠠᠭᠰᠢ ᠰᠣᠷᠣᠭᠴᠢ᠂ ᠬᠡᠷ ᠤᠨ ᠠᠬᠠᠮᠠᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ | ᠂ ᠰᠣᠩᠭᠤᠳᠠᠭ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠬᠢᠭᠡᠳ | ᠬᠡᠷ ᠰᠤᠷᠭᠠᠭᠤᠯᠢ ᠶᠢᠨ ᠬᠠᠮᠲᠤᠷᠠᠯᠴᠠᠭ᠎ᠠ ᠶᠢ ᠨᠡᠮᠡᠭᠳᠡᠭᠦᠯᠪᠡ᠃ | | ᠰᠠᠨ ᠵᠢᠶᠧ ᠪᠠᠭ᠎ᠠ ᠰᠤᠷᠭᠠᠭᠤᠯᠢ ᠶᠢᠨ ᠲᠦᠷᠪᠡᠳᠦᠭᠡᠷ ᠤᠨ ᠤ ᠳᠥᠷᠪᠡᠳᠦᠭᠡᠷ ᠠᠩᠭᠢ ᠶᠢᠨ ᠴᠠᠩ ᠹᠠᠩ ᠶᠤᠸᠠᠨ᠄ | ︽ᠬᠤᠶᠢᠰᠢᠳᠠ᠂ ᠪᠢ ᠦᠷᠭᠦᠯᠵᠢᠯᠡᠨ ᠰᠠᠶᠢᠨ ᠨᠤᠮ ᠤᠩᠰᠢᠵᠤ ᠦᠰᠦᠭ ᠢᠶᠠᠨ ᠰᠠᠶᠢᠨ ᠪᠢᠴᠢᠵᠦ ᠰᠠᠶᠢᠨ ᠬᠥᠮᠦᠨ | ᠪᠤᠯᠬᠤ ᠵᠣᠷᠢᠯᠲᠠ ᠪᠠᠨ ᠦᠶᠯᠡᠳᠦᠯᠭᠡᠵᠢᠭᠦᠯᠵᠦ᠂ ᠬᠡᠬᠦᠳᠡᠭ ᠴᠡᠭᠡᠵᠢᠨ ᠳᠡᠭᠡᠨ ᠰᠢᠯᠦᠭ ᠨᠣᠮ ᠲᠠᠢ ᠡᠮᠬᠢ ᠵᠢᠷᠤᠮ ᠲᠠᠢ | ᠨᠡᠷᠡᠨ ᠭᠡᠷᠡᠯᠲᠦ ᠪᠠᠭᠠᠴᠤᠳ ᠪᠣᠯᠬᠤ ᠪᠠᠷ ᠴᠢᠷᠮᠠᠶᠢᠨ᠎ᠠ᠃︾ ᠭᠡᠵᠡᠢ᠃ | ︽ᠮᠠᠨ ᠤ ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠳᠡᠯᠡᠬᠡᠢ ᠶᠢᠨ ᠨᠣᠮ ᠤᠩᠰᠢᠬᠤ ᠡᠳᠦᠷ ᠤᠨ | ᠠᠵᠢᠯᠯᠠᠭ᠎ᠠ ᠳᠤ ᠣᠷᠣᠯᠴᠠᠬᠤ ᠳᠤᠷᠠᠲᠠᠢ᠂ ᠪᠠᠰᠠ ᠮᠠᠨ ᠤ ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠨᠣᠮ | ᠤᠩᠰᠢᠬᠤ ᠶᠢ ᠪᠠᠷᠢᠮᠲᠠᠯᠠᠬᠤ ᠶᠢ ᠬᠦᠰᠡᠵᠦ ᠪᠠᠶᠢᠨ᠎ᠠ᠃︾ ᠭᠡᠵᠦ ᠰᠤᠷᠤᠭᠴᠢ ᠶᠢᠨ ᠭᠡᠷ ᠤᠨ ᠠᠬᠠᠮᠠᠳ ᠯᠦ ᠰᠢᠤᠸᠠᠢ | ᠬᠡᠯᠡᠪᠡ᠃ | | ᠰᠠᠨ ᠵᠢᠶᠧ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ ᠨᠢᠭᠡᠳᠦᠭᠡᠷ ᠠᠩᠭᠢ ᠶᠢᠨ ᠡᠷᠬᠢᠯᠡᠭᠴᠢ ᠸᠠᠩ ᠶᠢᠩ᠄ | ︽ᠨᠣᠮ ᠤᠩᠰᠢᠬᠤ ᠪᠠ ᠬᠥᠮᠦᠨ ᠪᠣᠯᠬᠤ ᠪᠣᠯ ᠮᠠᠨ ᠤ ᠰᠠᠨ ᠵᠢᠶᠧ ᠪᠠᠭ᠎ᠠ ᠰᠤᠷᠭᠠᠭᠤᠯᠢ ᠶᠢᠨ ᠪᠢᠴᠢᠭ ᠤᠨ | ᠰᠤᠷᠪᠤᠯᠵᠢᠲᠠᠨ ᠤ ᠰᠤᠷᠭᠠᠭᠤᠯᠢ ᠶᠢᠨ ᠬᠦᠷᠢᠶᠡᠨ ᠤ ᠭᠤᠤᠯ ᠬᠠᠷᠠᠯᠲᠠ ᠮᠥᠨ᠃ ᠪᠢᠳᠡᠨ ᠤ ᠬᠠᠷᠠᠯᠲᠠ ᠪᠣᠯ ᠬᠡᠬᠦᠳᠡᠭ | ᠳᠦᠭᠦᠷᠡᠩ ᠨᠣᠮ ᠪᠢᠴᠢᠭ ᠲᠠᠢ᠃ ᠡᠨᠡ ᠤᠳᠠᠭᠠᠨ ᠤ ᠠᠵᠢᠯᠯᠠᠭ᠎ᠠ ᠨᠢ ᠮᠠᠨ ᠤ ᠪᠦᠬᠦ ᠰᠤᠷᠭᠠᠭᠤᠯᠢ ᠶᠢᠨ ᠪᠠᠭᠰᠢ | ᠰᠤᠷᠤᠭᠴᠢᠳ ᠢ ᠨᠠᠰᠤᠨ ᠲᠤᠷᠰᠢᠳᠠ ᠨᠣᠮ ᠤᠩᠰᠢᠬᠤ ᠢᠲᠡᠭᠡᠯ ᠲᠠᠢ ᠪᠣᠯᠭᠠᠵᠠᠶ᠃ ᠨᠣᠮ ᠤᠩᠰᠢᠬᠤ ᠦᠷ᠎ᠡ ᠶᠢ | ᠲᠠᠷᠢᠵᠤ᠂ ᠦᠰᠦᠭ ᠪᠢᠴᠢᠭ ᠳᠡᠭᠡᠭᠰᠢᠯᠡᠬᠦ ᠦᠪᠡᠳᠡᠭᠰᠢ ᠳᠠᠶᠢᠯᠠᠯᠭ᠎ᠠ ᠶᠢ ᠬᠦᠯᠢᠶᠡᠨ᠎ᠡ᠃︾ ᠭᠡᠵᠡᠢ᠃ | ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠨᠣᠮ ᠤᠨ ᠰᠠᠩ ᠪᠦᠬᠦ ᠠᠷᠠᠳ ᠢᠶᠠᠷ ᠢᠶᠠᠨ ᠨᠣᠮ | ᠤᠩᠰᠢᠬᠤ ᠶᠢ ᠠᠬᠢᠭᠤᠯᠬᠤ᠂ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠭᠤᠣᠯ ᠪᠣᠯᠭᠠᠵᠤ᠂ ᠰᠣᠶᠣᠯ ᠤᠨ | ᠵᠢᠭᠰᠠᠭᠠᠯ ᠤᠨ ᠭᠠᠵᠠᠷ ᠢ ᠥᠷᠭᠡᠳᠬᠡᠬᠦ᠂ ᠨᠣᠮ ᠤᠨ ᠰᠠᠩ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠵᠡᠷᠭᠡ ᠠᠷᠭ᠎ᠠ ᠬᠡᠯᠪᠡᠷᠢ ᠪᠠᠷ ᠪᠢᠴᠢᠭ ᠤᠨ ᠰᠤᠷᠪᠤᠯᠵᠢᠲᠤ ᠨᠡᠶᠢᠭᠡᠮ ᠢ ᠢᠳᠡᠪᠬᠢᠲᠡᠢ ᠪᠠᠶᠢᠭᠤᠯᠵᠤ᠂ | ᠣᠷᠣᠨ ᠨᠤᠲᠤᠭ ᠤᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ | | ᠲᠦᠴᠢᠦᠸᠠᠨ ᠰᠢᠶᠠᠨ ᠤ ᠨᠣᠮ ᠤᠨ ᠰᠠᠩ ᠤᠨ ᠪᠦᠬᠦ ᠠᠷᠠᠳ ᠢᠶᠠᠷ ᠢᠶᠠᠨ ᠤᠩᠰᠢᠬᠤ ᠶᠢ ᠳᠡᠯᠭᠡᠷᠡᠭᠦᠯᠦᠭᠴᠢ ᠯᠢ | ᠰᠢᠨ ᠰᠢᠨ᠄ ︽ᠡᠨᠡ ᠵᠢᠯ᠂ ᠰᠣᠩᠭᠤᠳᠠᠭ ᠪᠦᠲᠦᠭᠡᠯ ᠤᠩᠰᠢᠵᠤ᠂ ᠤᠶᠠᠩᠭᠠᠳᠤ ᠲᠠᠭᠤᠤ ᠲᠦᠴᠢᠤᠸᠠᠨ ᠳᠤ | ᠲᠠᠭᠤᠷᠢᠰᠤᠨ᠎ᠠ ᠪᠣᠯ ᠨᠣᠮ ᠤᠨ ᠰᠠᠩ ᠪᠠ ᠰᠤᠷᠭᠠᠭᠤᠯᠢ ᠶᠢᠨ ᠬᠠᠮᠲᠤᠷᠠᠨ ᠥᠷᠨᠢᠭᠦᠯᠦᠭᠰᠡᠨ ᠭᠤᠷᠪᠠᠳᠤᠭᠠᠷ | ᠬᠤᠭᠤᠴᠠᠭᠠᠨ ᠤ ᠪᠦᠬᠦ ᠠᠷᠠᠳ ᠢᠶᠠᠷ ᠢᠶᠠᠨ ᠤᠩᠰᠢᠬᠤ ᠠᠵᠢᠯᠯᠠᠭ᠎ᠠ ᠪᠣᠯᠤᠨ᠎ᠠ᠂ ᠲᠦᠴᠢᠦᠸᠠᠨ ᠰᠢᠶᠠᠨ ᠤ ᠨᠣᠮ ᠤᠨ | ᠰᠠᠩ ᠨᠢ ᠠᠵᠢᠯᠯᠠᠭ᠎ᠠ ᠡᠷᠬᠢᠯᠡᠬᠦ ᠲᠠᠯ᠎ᠠ ᠪᠤᠯᠤᠭᠰᠠᠨ ᠬᠤᠪᠢ ᠳᠤ ᠨᠣᠮ ᠤᠩᠰᠢᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠲᠦᠴᠢᠤᠸᠠᠨ ᠤ ᠰᠣᠶᠣᠯ ᠤᠨ ᠪᠠᠶᠢᠭᠤᠯᠤᠯᠲᠠ ᠶᠢ ᠰᠠᠶᠢᠲᠤᠷ ᠬᠢᠨ᠎ᠠ᠃︾ ᠭᠡᠵᠡᠢ᠃ |