ᠬᠥᠮᠥᠨ ᠤ ᠪᠡᠶ᠎ᠡ ᠶᠢᠨ ︽ᠬᠥᠳᠡᠯᠭᠡᠭᠦᠷ︾ ᠪᠣᠯᠤᠭᠰᠠᠨ ᠤ ᠬᠤᠪᠢ ᠳᠤ᠂ ᠵᠢᠷᠦᠬᠡ ᠲᠠᠰᠤᠷᠠᠯᠲᠠ ᠦᠭᠡᠢ | ᠴᠢᠰᠤ ᠶᠢ ᠬᠥᠭᠡᠷᠭᠡᠳᠡᠬᠦ ᠪᠠᠷ ᠳᠠᠮᠵᠢᠨ ᠡᠨᠧᠷᠭᠢ ᠪᠠ ᠬᠦᠴᠢᠯᠲᠥ᠋ᠷᠥᠭᠴᠢ ᠶᠢ ᠬᠦᠷᠭᠡᠵᠦ᠂ ᠪᠡᠶ᠎ᠡ ᠶᠢᠨ ᠡᠯ᠎ᠡ ᠡᠷᠬᠡᠲᠡᠨ ᠤ | ᠬᠡᠪ ᠤᠨ ᠠᠵᠢᠯᠯᠠᠭ᠎ᠠ ᠶᠢ ᠪᠠᠲᠤᠯᠠᠳᠠᠭ᠃ ᠬᠡᠳᠦᠶᠢᠪᠡᠷ ᠲᠡᠷᠡ ᠨᠢ ᠦᠵᠡᠬᠦ ᠳᠤ ᠡᠪᠳᠡᠷᠡᠰᠢ ᠦᠭᠡᠢ ᠪᠠᠲᠤ ᠪᠠᠬᠢ | ᠪᠣᠯᠪᠠᠴᠤ ᠦᠨᠡᠨ ᠳᠡᠭᠡᠨ ᠲᠤᠶᠢᠯ ᠤᠨ ᠬᠡᠪᠡᠷᠡᠭ ᠡᠷᠬᠡᠲᠡᠨ ᠤ ᠨᠢᠭᠡ ᠨᠢ ᠪᠣᠯᠬᠤ ᠶᠤᠮ᠃ ᠨᠢᠭᠡ ᠡᠳᠦᠷ ᠤᠨ ᠳᠣᠲᠣᠷ᠎ᠠ | ᠵᠢᠷᠦᠬᠡᠨ ᠤ ᠬᠠᠮᠤᠭ ᠬᠡᠪᠡᠷᠡᠭ ᠭᠤᠷᠪᠠᠨ ᠴᠠᠭ ᠮᠥᠴᠡ ᠳᠤ᠂ ᠦᠵᠡᠬᠦ ᠳᠤ ᠬᠤᠣᠷ ᠦᠭᠡᠢ ᠰᠢᠭ ᠡᠳᠦᠷ ᠲᠤᠲᠤᠮ ᠤᠨ | ᠵᠠᠷᠢᠮ ᠳᠠᠳᠬᠠᠯ ᠨᠢ ᠦᠨᠡᠨ ᠳᠡᠭᠡᠨ ᠵᠢᠷᠦᠬᠡᠨ ᠤ ᠴᠢᠨᠢ ᠡᠷᠡᠭᠦᠯ ᠮᠡᠨᠳᠦ ᠶᠢ ᠰᠡᠮᠬᠡᠨ ᠬᠤᠬᠢᠷᠠᠭᠤᠯᠵᠤ ᠪᠠᠶᠢᠳᠠᠭ᠃ | ᠡᠳᠦᠷ ᠲᠤ ᠵᠢᠷᠦᠬᠡ ᠬᠠᠮᠤᠭ ᠬᠡᠪᠡᠷᠡᠭ ᠪᠠᠶᠢᠳᠠᠭ ᠭᠤᠷᠪᠠᠨ ᠴᠠᠭ ᠪᠠᠶᠢᠨ᠎ᠠ | ᠬᠠᠷᠠᠮᠥ᠋ᠷᠡᠨ ᠮᠤᠵᠢ ᠶᠢᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠡᠷᠬᠢᠯᠡᠭᠴᠢ ᠵᠣᠣ ᠬᠤᠩ | 2024 ᠣᠨ ᠳᠤ ᠬᠤᠪᠢ ᠬᠥᠮᠥᠨ ᠤ ᠸᠢᠴᠠᠲ ᠤᠨ ᠠᠯᠪᠠᠨ ᠳ᠋ᠤᠭᠠᠷ ᠲᠤ ᠵᠣᠬᠢᠶᠠᠯ ᠨᠡᠶᠢᠲᠡᠯᠡᠵᠦ | ᠲᠠᠨᠢᠯᠴᠠᠭᠤᠯᠬᠤ ᠳᠠᠭᠠᠨ᠂ ᠨᠢᠭᠡ ᠡᠳᠦᠷ ᠤᠨ ᠳᠣᠲᠣᠷ᠎ᠠ ᠭᠤᠷᠪᠠᠨ ᠴᠠᠭ ᠦᠶ᠎ᠡ ᠳᠤ ᠵᠢᠷᠦᠬᠡ ᠨᠢ ᠬᠠᠮᠤᠭ ᠤᠨ | ᠬᠡᠪᠡᠷᠡᠭ ᠪᠠᠶᠢᠳᠠᠭ ᠭᠡᠵᠦ ᠲᠠᠨᠢᠯᠴᠠᠭᠤᠯᠵᠠᠢ᠃ | 1.ᠥᠷᠯᠥᠭᠡ᠄ 6 ~ 8 ᠴᠠᠭ | ᠥᠷᠯᠥᠭᠡ ᠪᠣᠯ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ ᠣᠷᠭᠢᠯ ᠤᠨ ᠦᠶ᠎ᠡ ᠮᠥᠨ᠂ ᠡᠨᠡ ᠬᠦ | ᠦᠵᠡᠭᠳᠡᠯ ᠢ ︽ᠥᠷᠯᠥᠭᠡ ᠶᠢᠨ ᠣᠷᠭᠢᠯ ᠤᠨ ᠦᠵᠡᠭᠳᠡᠯ︾ ᠭᠡᠳᠡᠭ᠃ ᠡᠭᠦᠨ ᠤ ᠰᠢᠯᠲᠠᠭᠠᠨ ᠨᠢ᠂ ᠨᠢᠭᠡ ᠰᠥᠨᠢ | ᠠᠮᠠᠷᠠᠭᠰᠠᠨ ᠤ ᠳᠠᠷᠠᠭ᠎ᠠ᠂ ᠬᠥᠮᠥᠨ ᠤ ᠪᠡᠶ᠎ᠡ ᠶᠢᠨ ᠤᠰᠤ ᠨᠢ ᠠᠯᠳᠠᠭᠳᠠᠵᠤ᠂ ᠴᠢᠰᠤ ᠨᠢ ᠬᠠᠷᠢᠴᠠᠩᠭᠤᠢ ᠪᠠᠷ | ᠥᠳᠬᠡᠷᠡᠵᠦ᠂ ᠴᠢᠰᠤᠨ ᠤᠷᠤᠰᠬᠠᠯ ᠤᠨ ᠬᠤᠷᠳᠤᠴᠠ ᠨᠢ ᠤᠳᠠᠭᠠᠰᠢᠷᠠᠳᠠᠭ᠃ ᠬᠡᠷᠪᠡ ᠡᠨᠡ ᠦᠶ᠎ᠡ ᠳᠤ ᠪᠢᠳᠡ | ᠪᠣᠰᠣᠭᠠᠳ ᠬᠥᠳᠡᠯᠭᠡᠭᠡᠨ ᠬᠢᠬᠦ ᠪᠠᠷ ᠶᠠᠭᠠᠷᠠᠪᠠᠯ᠂ ᠴᠢᠰᠤᠨ ᠳᠠᠷᠤᠯᠲᠠ ᠦᠳᠲᠡᠷ ᠲᠦᠷᠭᠡᠨ ᠳᠡᠭᠡᠭᠰᠢᠯᠡᠵᠦ᠂ | ᠵᠢᠷᠦᠬᠡᠨ ᠤ ᠳᠠᠭᠠᠭᠠᠬᠤ ᠳᠠᠷᠤᠯᠲᠠ ᠴᠤ ᠳᠠᠭᠠᠯᠳᠤᠨ ᠨᠡᠮᠡᠭᠳᠡᠨ᠎ᠡ᠃ | ᠡᠶᠢᠮᠦ ᠠᠴᠠ ᠪᠣᠰᠬᠤ ᠳᠠᠭᠠᠨ ᠬᠡᠲᠦᠷᠬᠡᠢ ᠶᠠᠭᠠᠷᠠᠵᠤ ᠪᠣᠯᠬᠤ ᠦᠭᠡᠢ᠃ ᠰᠡᠷᠢᠭᠰᠡᠨ ᠤ ᠳᠠᠷᠠᠭ᠎ᠠ ᠤᠷᠢᠳ ᠢᠶᠠᠷ | ᠲᠠᠶᠢᠪᠤᠩ ᠬᠡᠪᠲᠡᠵᠦ᠂ ᠪᠡᠶ᠎ᠡ ᠪᠠᠨ ᠠᠭᠠᠵᠢᠮ ᠢᠶᠠᠷ ᠵᠣᠬᠢᠴᠠᠭᠤᠯᠤᠨ᠎ᠠ᠂ ᠳᠠᠷᠠᠭ᠎ᠠ ᠨᠢ ᠨᠢᠭᠡ ᠴᠣᠮᠣ ᠪᠦᠯᠢᠶᠡᠨ ᠤᠰᠤ | ᠤᠤᠭᠤᠵᠤ᠂ ᠴᠢᠰᠤ ᠪᠠᠨ ᠰᠢᠩᠭᠡᠷᠡᠭᠦᠯᠵᠦ᠂ ᠵᠢᠷᠦᠬᠡᠨ ᠤ ᠪᠠᠨ ᠳᠠᠷᠤᠭᠠᠰᠤ ᠶᠢ ᠬᠥᠩᠭᠡᠯᠡᠨ᠎ᠡ᠃ ᠥᠷᠯᠥᠭᠡ ᠶᠢᠨ | ᠬᠤᠭᠤᠯᠠᠨ ᠳᠤ ᠪᠠᠰᠠ ᠬᠡᠲᠦᠷᠬᠡᠢ ᠲᠣᠰᠣᠯᠢᠭ ᠪᠤᠶᠤ ᠬᠡᠲᠦᠷᠬᠡᠢ ᠱᠣᠷᠪᠣᠭ ᠢᠳᠡᠭᠡᠨ ᠢᠳᠡᠬᠦ ᠠᠴᠠ ᠵᠠᠶᠢᠯᠠᠰᠬᠢᠬᠦ | ᠬᠡᠷᠡᠭᠲᠡᠢ᠃ | 2.ᠦᠳᠡ ᠶᠢᠨ ᠡᠮᠦᠨ᠎ᠡ᠄ 9~11 ᠴᠠᠭ | ᠡᠨᠡ ᠬᠦ ᠬᠤᠭᠤᠴᠠᠭᠠᠨ ᠳᠤ ᠴᠢᠰᠤᠨ ᠳᠠᠷᠤᠯᠲᠠ ᠶᠡᠷᠦ ᠳᠡᠭᠡᠨ ᠨᠢᠭᠡ ᠡᠳᠦᠷ ᠤᠨ ᠥᠨᠳᠥᠷ ᠤᠷᠬᠢᠯ ᠳᠤ | ᠬᠦᠷᠬᠦ ᠶᠢᠨ ᠬᠠᠮᠲᠤ ᠰᠣᠯᠪᠢᠭᠤ ᠮᠡᠳᠡᠷᠡᠯ ᠪᠠᠰᠠ ᠳᠡᠭᠡᠳᠦ ᠬᠡᠮᠵᠢᠶᠡᠨ ᠤ ᠬᠥᠭᠡᠷᠦᠯᠲᠡ ᠶᠢᠨ ᠪᠠᠶᠢᠳᠠᠯ ᠳᠤ ᠣᠷᠣᠳᠠᠭ᠃ | ᠬᠥᠮᠥᠰ ᠠᠮᠠᠷᠬᠠᠨ ᠰᠡᠳᠬᠢᠯ ᠬᠥᠳᠡᠯᠵᠦ᠂ ᠵᠢᠷᠦᠬᠡ ᠨᠢ ᠶᠠᠭ ᠯᠠ ᠨᠢᠭᠡᠨ ᠬᠤᠷᠳᠤᠨ ᠡᠷᠭᠢᠯᠳᠦᠵᠦ ᠪᠠᠶᠢᠭ᠎ᠠ ᠪᠢᠴᠢᠬᠠᠨ | ᠮᠣᠲ᠋ᠣᠷ ᠰᠢᠭ᠋ ᠪᠠᠶᠢᠳᠠᠭ᠃ ᠭᠡᠪᠡᠴᠦ ᠡᠨᠡ ᠨᠢ ᠪᠠᠰᠠ ᠵᠢᠷᠦᠬᠡᠨ ᠤ ᠠᠰᠠᠭᠤᠳᠠᠯ ᠢ ᠡᠭᠦᠰᠬᠡᠵᠦ ᠮᠡᠳᠡᠨ᠎ᠡ᠃ | ᠡᠶᠢᠮᠦ ᠠᠴᠠ ᠡᠨᠡ ᠬᠤᠭᠤᠴᠠᠭᠠᠨ ᠳᠤ ᠪᠢᠳᠡ ᠰᠢᠷᠦᠭᠦᠨ ᠬᠥᠳᠡᠯᠭᠡᠭᠡᠨ ᠪᠠ ᠤᠷᠮ᠎ᠠ ᠰᠡᠳᠬᠢᠯᠭᠡ ᠶᠢᠨ | ᠲᠣᠭᠲᠠᠪᠤᠷᠢ ᠦᠭᠡᠢ ᠪᠠᠶᠢᠳᠠᠯ ᠠᠴᠠ ᠵᠠᠶᠢᠯᠠᠰᠬᠢᠬᠦ ᠬᠡᠷᠡᠭᠲᠡᠢ᠃ ᠵᠢᠷᠦᠬᠡᠨ ᠤ ᠪᠠᠶᠢᠳᠠᠯ ᠮᠠᠭᠤ ᠬᠥᠮᠥᠰ ᠣᠨᠴᠠᠭᠠᠶᠢᠯᠠᠨ | ᠠᠩᠬᠠᠷᠬᠤ ᠴᠢᠬᠤᠯᠠᠲᠠᠢ᠂ ᠦᠳᠡ ᠶᠢᠨ ᠬᠤᠭᠤᠯᠠ ᠶᠢ ᠬᠡᠲᠦᠷᠡᠲᠡᠯ᠎ᠡ ᠢᠳᠡᠵᠦ ᠪᠣᠯᠬᠤ ᠦᠭᠡᠢ᠂ ᠬᠤᠭᠤᠯᠠᠨ ᠤ | ᠳᠠᠷᠠᠭ᠎ᠠ ᠲᠦᠷ ᠠᠯᠬᠤᠯᠠᠵᠤ᠂ ᠦᠳᠡ ᠳᠤ ᠬᠠᠭᠠᠰ ᠴᠠᠭ ᠤᠨᠲᠠᠵᠤ᠂ ᠵᠢᠷᠦᠬᠡ ᠪᠠᠨ ᠠᠮᠠᠷᠠᠭᠤᠯᠤᠨ᠎ᠠ᠃ | 3. ᠦᠳᠡ ᠶᠢᠨ ᠬᠤᠶᠢᠨ᠎ᠠ᠄ 2 ~ 4 ᠴᠠᠭ | ᠦᠳᠡ ᠶᠢᠨ ᠬᠤᠶᠢᠨ᠎ᠠ᠂ ᠠᠵᠢᠯ ᠤᠨ ᠳᠠᠷᠤᠭᠠᠰᠤ ᠶᠢᠨ ᠨᠡᠮᠡᠭᠳᠡᠬᠦ ᠶᠢ ᠳᠠᠭᠠᠯᠳᠤᠨ᠂ ᠪᠡᠶ᠎ᠡ ᠰᠡᠳᠬᠢᠯ | ᠠᠭᠠᠵᠢᠮ ᠢᠶᠠᠷ ᠶᠠᠳᠠᠷᠠᠬᠤ ᠶᠢᠨ ᠳᠡᠭᠡᠷ᠎ᠡ ᠦᠳᠡ ᠶᠢᠨ ᠬᠤᠭᠤᠯᠠᠨ ᠤ ᠳᠠᠷᠠᠭ᠎ᠠ ᠰᠢᠩᠭᠡᠭᠡᠯᠲᠡ ᠶᠢᠨ ᠰᠢᠰᠲ᠋ᠧᠮ ᠨᠡᠩ | ᠠᠷᠪᠢᠨ ᠴᠢᠰᠤ ᠬᠡᠷᠡᠭᠰᠡᠵᠦ᠂ ᠵᠢᠷᠦᠬᠡᠨ ᠤ ᠴᠢᠰᠤᠨ ᠤ ᠬᠠᠩᠭᠠᠯᠲᠠ ᠬᠠᠷᠢᠴᠠᠩᠭᠤᠢ ᠪᠠᠷ ᠪᠠᠭᠠᠰᠤᠨ᠎ᠠ᠂ ᠡᠨᠡ ᠦᠶ᠎ᠡ ᠳᠤ | ᠵᠢᠷᠦᠬᠡ ᠨᠡᠩ ᠠᠮᠠᠷᠬᠠᠨ ᠶᠠᠳᠠᠷᠠᠨ᠎ᠠ᠃ ᠢᠯᠠᠩᠭᠤᠶ᠎ᠠ ᠤᠷᠲᠤ ᠬᠤᠭᠤᠴᠠᠭ᠎ᠠ ᠪᠠᠷ ᠠᠯᠪᠠᠨ ᠭᠡᠷ ᠲᠤ ᠰᠠᠭᠤᠵᠤ᠂ | ᠬᠥᠳᠡᠯᠭᠡᠭᠡᠨ ᠳᠤᠲᠠᠮᠠᠭ ᠬᠥᠮᠥᠰ ᠤᠨ ᠴᠢᠰᠤᠨ ᠤ ᠡᠷᠭᠢᠯᠲᠡ ᠮᠠᠭᠤᠳᠠᠵᠤ᠂ ᠵᠢᠷᠦᠬᠡᠨ ᠤ ᠳᠠᠷᠤᠭᠠᠰᠤ ᠤᠯᠠᠮ | ᠬᠦᠨᠳᠦᠷᠡᠨ᠎ᠡ᠃ | ᠡᠶᠢᠮᠦ ᠠᠴᠠ ᠠᠵᠢᠯ ᠤᠨ ᠵᠠᠪᠰᠠᠷ ᠲᠤ ᠪᠣᠰᠴᠤ ᠬᠥᠳᠡᠯᠭᠡᠭᠡᠨ ᠬᠢᠬᠦ ᠪᠠᠨ ᠴᠡᠭᠡᠵᠢᠯᠡᠵᠦ ᠤᠳᠠᠭᠠᠨ ᠰᠠᠭᠤᠬᠤ ᠠᠴᠠ | ᠬᠢᠴᠢᠶᠡᠬᠦ ᠬᠡᠷᠡᠭᠲᠡᠢ᠃ ᠣᠷᠣᠢ ᠶᠢᠨ ᠬᠤᠭᠤᠯᠠ ᠶᠢ ᠴᠤ ᠬᠡᠲᠦᠷᠡᠲᠡᠯ᠎ᠡ ᠢᠳᠡᠵᠦ ᠪᠣᠯᠬᠤ ᠦᠭᠡᠢ᠃ | ᠡᠳᠡᠭᠡᠷ 8 ᠳᠠᠳᠬᠠᠯ ᠨᠢ ᠰᠠᠨᠠᠮᠰᠠᠷ ᠦᠭᠡᠢ ᠪᠠᠷ ᠵᠢᠷᠦᠬᠡ ᠶᠢ ᠭᠡᠮᠲᠦᠭᠡᠳᠡᠭ | 1. ᠲᠠᠮᠠᠬᠢ ᠲᠠᠲᠠᠬᠤ | 2. ᠤᠳᠠᠭᠠᠨ ᠰᠠᠭᠤᠬᠤ | 3. ᠳᠠᠪᠤᠰᠤ ᠰᠢᠬᠢᠷ ᠶᠡᠬᠡᠲᠡᠢ ᠢᠳᠡᠭᠡᠨ ᠤᠮᠳᠠᠭᠠᠨ ᠢᠳᠡᠬᠦ | 4. ᠠᠷᠢᠬᠢ ᠤᠤᠭᠤᠬᠤ | 5. ᠨᠣᠶᠢᠷ ᠵᠢᠮ᠎ᠡ ᠶᠣᠰᠣ ᠦᠭᠡᠢ | 6. ᠴᠢᠰᠤᠨ ᠳᠠᠷᠤᠯᠲᠠ᠂ ᠴᠢᠰᠤᠨ ᠤ ᠥᠭᠡᠬᠦ᠂ ᠴᠢᠰᠤᠨ ᠰᠢᠬᠢᠷ ᠦᠨᠳᠦᠷ ᠪᠠᠶᠢᠲᠠᠯ᠎ᠠ ᠪᠠᠨ ᠬᠠᠮᠢᠶᠠᠷᠬᠤ ᠦᠭᠡᠢ | 7. ᠮᠠᠷᠢᠶᠠᠯᠠᠬᠤ | 8. ᠤᠴᠢᠷ ᠶᠠᠪᠤᠳᠠᠯ ᠲᠣᠬᠢᠶᠠᠯᠳᠤᠪᠠᠯ ᠳᠠᠩᠳᠠ ᠠᠭᠤᠷᠯᠠᠬᠤ |