ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠵᠠᠮ ᠨᠡᠭᠡᠭᠡᠨ ᠰᠢᠨ᠎ᠡ ᠶᠢ ᠡᠭᠦᠳᠴᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ — ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠲᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/4/26
ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠨ ᠨᠠᠶᠢᠵᠠ ᠨᠠᠷ ᠠ᠋᠄    ︽5•1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠭᠦ ᠣᠷᠣᠨ ᠤ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠣᠳᠣᠬᠠᠨ ᠳᠤ᠂ ᠮᠠᠨ ᠤ ᠣᠷᠣᠨ ᠶᠠᠭ ︽ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︿ᠲᠠᠪᠤᠨ ᠶᠡᠭᠡ ᠡᠭᠦᠷᠭᠡ ﹀ ᠶᠢ ᠪᠡᠶᠡᠯᠡᠭᠦᠯᠵᠦ᠂ ︿ᠵᠢᠷᠭᠤᠭᠠᠨ ᠢᠨᠵᠧᠨᠧᠷᠢᠩ ﹀ ᠢ ᠬᠡᠷᠡᠭᠵᠢᠭᠦᠯᠵᠦ᠂ ︿ᠵᠢᠷᠭᠤᠭᠠᠨ ᠠᠵᠢᠯᠯᠠᠭ᠎ᠠ ﹀ ᠥᠷᠨᠢᠭᠦᠯᠬᠦ ︾ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠱᠠᠭᠠᠷᠳᠠᠵᠤ ᠪᠠᠶᠢᠨ᠎ᠠ᠃ ᠠᠳᠡ ᠳᠣᠣᠷᠠᠬᠢ ᠮᠡᠲᠦ ᠰᠠᠨᠠᠭᠠᠴᠢᠯᠠᠭ᠎ᠠ ᠶᠢ ᠳᠤᠷᠠᠳᠤᠶ᠎ᠠ᠄    ᠨᠢᠭᠡ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠢᠯᠡᠳᠦᠯᠭᠡᠵᠢᠭᠦᠯᠦᠭᠴᠢ ᠪᠤᠯᠬᠤ ᠪᠠᠷ ᠴᠢᠷᠮᠠᠶᠢᠶ᠎ᠠ᠃ ᠪᠢᠳᠡ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠦᠶ᠎ᠡ᠃    ᠬᠤᠶᠠᠷ᠂ ᠰᠣᠶᠣᠯ ᠤᠨ ᠬᠦᠴᠦᠨ ᠢ ᠦᠷᠭᠦᠯᠵᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠮᠠᠭᠠᠯᠠᠭᠴᠢ ᠪᠤᠯᠬᠤ ᠪᠠᠷ ᠴᠢᠷᠮᠠᠶᠢᠶ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ︽ᠵᠢᠷᠭᠤᠭᠠᠨ ᠦᠭᠡ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ︾ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠲᠤᠯᠤᠭᠠᠨ ᠵᠢᠱᠢᠶᠡᠴᠢ ᠪᠤᠯᠬᠤ ︾ ᠲᠠᠯ᠎ᠠ ᠪᠠᠷ ᠡᠷᠡᠯᠬᠡᠭᠯᠡᠨ ᠲᠡᠮᠡᠴᠡᠵᠦ᠂ ᠴᠤᠭ ᠵᠢᠪᠬᠤᠭ᠎ᠠ ᠪᠠᠨ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠶ᠎ᠠ᠃    ᠭᠤᠷᠪᠠ᠂ ᠬᠦᠴᠦᠯᠡᠨ ᠴᠢᠷᠮᠠᠶᠢᠵᠤ ᠪᠣᠳᠠᠲᠠᠢ ᠠᠵᠢᠯᠯᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠤᠣᠯ ᠬᠦᠴᠦᠨ ᠴᠡᠷᠢᠭ ᠪᠤᠯᠬᠤ ᠪᠠᠷ ᠴᠢᠷᠮᠠᠶᠢᠶ᠎ᠠ᠃ ᠪᠢᠳᠡ ᠠᠵᠢᠯᠴᠢᠨ ᠠᠩᠭᠢ ᠶᠢᠨ ᠲᠡᠷᠢᠭᠦᠨ ᠤ ᠵᠠᠩ ᠰᠤᠷᠲᠠᠯ ᠪᠣᠯᠣᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠲᠡᠶᠢᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠠᠵᠢᠯᠴᠢᠨ ᠠᠩᠭᠢ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠦᠶ᠎ᠡ᠃    ᠳᠥᠷᠪᠡ᠂ ᠡᠭᠦᠷᠭᠡ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠮᠡᠳᠡᠯᠭᠡ ᠶᠢᠨ ᠭᠡᠯᠪᠡᠷᠢ ᠶᠢᠨ᠂ ᠮᠡᠷᠭᠡᠵᠢᠯ ᠤᠨ ᠭᠡᠯᠪᠡᠷᠢ ᠶᠢᠨ᠂ ᠰᠢᠨ᠎ᠡ ᠶᠢ ᠡᠭᠦᠳᠬᠦ ᠭᠡᠯᠪᠡᠷᠢ ᠶᠢᠨ ᠬᠥᠳᠡᠯᠮᠦᠷᠢᠴᠢᠨ ᠪᠤᠯᠬᠤ ᠪᠠᠷ ᠴᠢᠷᠮᠠᠶᠢᠶ᠎ᠠ᠃ ᠪᠢᠳᠡ ᠭᠠᠪᠰᠢᠭᠠᠶᠢᠯᠠᠬᠤ ᠵᠣᠷᠢᠭ᠂ ᠰᠤᠳᠤᠯᠬᠤ ᠵᠣᠷᠢᠭ᠂ ᠲᠡᠮᠡᠴᠡᠬᠦ ᠵᠣᠷᠢᠭ ᠢᠶᠠᠨ ᠢᠮᠠᠭᠲᠠ ᠪᠠᠷᠢᠮᠲᠠᠯᠠᠵᠤ᠂ ᠰᠢᠨ᠎ᠡ ᠮᠡᠳᠡᠯᠭᠡ ᠶᠢ ᠲᠠᠰᠤᠷᠠᠯᠲᠠ ᠦᠭᠡᠢ ᠰᠤᠷᠤᠯᠴᠠᠵᠤ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠰᠢᠨ᠎ᠡ ᠡᠷᠳᠡᠮ ᠴᠢᠳᠠᠪᠤᠷᠢ ᠶᠢ ᠨᠡᠮᠡᠭᠳᠡᠭᠦᠯᠵᠦ᠂ ᠬᠦᠰᠡᠯᠡᠩ ᠲᠠᠢ ᠢᠲᠡᠭᠡᠯ ᠪᠢᠰᠢᠷᠡᠯ ᠲᠠᠢ᠂ ᠮᠡᠷᠭᠡᠵᠢᠯ ᠲᠠᠢ ᠰᠢᠨ᠎ᠡ ᠶᠢ ᠡᠭᠦᠳᠴᠦ ᠴᠢᠳᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠬᠤᠪᠢ ᠨᠡᠮᠡᠷᠢ ᠦᠵᠡᠭᠦᠯᠭᠦ ᠶᠢ ᠡᠷᠭᠢᠮᠯᠡᠳᠡᠭ ᠥᠨᠳᠥᠷ ᠬᠡᠪ ᠪᠣᠯᠪᠠᠰᠤᠷᠠᠯ ᠲᠠᠢ ᠬᠥᠳᠡᠯᠮᠦᠷᠢᠴᠢᠨ ᠪᠤᠯᠬᠤ ᠪᠠᠷ ᠴᠢᠷᠮᠠᠶᠢᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠲᠦᠷᠦᠭᠦᠯᠡᠨ ᠬᠢᠵᠦ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠪᠣᠯᠵᠤ᠂ ᠤᠷ᠎ᠠ ᠴᠢᠳᠠᠪᠤᠷᠢ ᠪᠠᠷ ᠤᠯᠤᠰ ᠲᠠᠭᠠᠨ ᠵᠢᠳᠬᠦᠵᠦ᠂ ᠠᠵᠢᠯᠴᠢᠨ ᠠᠩᠭᠢ ᠶᠢᠨ ᠲᠡᠷᠢᠭᠦᠨ ᠤ ᠦᠵᠡᠯ ᠰᠠᠨᠠᠭ᠎ᠠ᠂ ᠵᠢᠱᠢᠶᠡᠴᠢ ᠦᠢᠯᠡ ᠠᠵᠢᠯᠯᠠᠭ᠎ᠠ ᠪᠠᠷ ᠭᠦᠳᠡᠯᠮᠦᠷᠢ ᠢᠷᠠᠭᠤ ᠠᠯᠳᠠᠷ ᠲᠠᠢ᠂ ᠡᠭᠦᠳᠦᠨ ᠪᠦᠲᠦᠭᠡᠯᠲᠡ ᠠᠭᠤᠤ ᠭᠡᠬᠦ ᠶᠡᠭᠡ ᠴᠠᠭ ᠦᠶ᠎ᠡ ᠶᠢᠨ ᠬᠦᠴᠦᠷᠬᠡᠭ ᠳᠠᠭᠤᠨ ᠢ ᠴᠢᠪᠬᠠᠳᠠᠶ᠎ᠠ᠃    ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠨ ᠨᠠᠶᠢᠵᠠ ᠨᠠᠷ ᠠ᠋᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠡᠪᠦᠷᠯᠡᠵᠦ᠂ ᠵᠠᠮ ᠨᠡᠭᠡᠭᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠳᠠᠬᠢᠨᠲᠠ ᠰᠢᠯᠢᠳᠡᠭ ᠠᠮᠵᠢᠯᠲᠠ ᠣᠯᠬᠤ ᠪᠠᠷ ᠴᠢᠷᠮᠠᠶᠢᠰᠤᠭᠠᠢ᠃ᠥᠪᠡᠷᠲᠡᠭᠡᠨ ᠵᠠᠰᠠᠬᠤ ᠣᠷᠣᠨ ᠤ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠭᠦᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ                                       2025 ᠣᠨ ᠤ 4 ᠰᠠᠷ᠎ᠠ ᠶᠢᠨ 24 ᠤ ᠡᠳᠦᠷ
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号