4 ᠰᠠᠷ᠎ᠠ ᠶᠢᠨ 26 ᠤ ᠡᠳᠦᠷ᠂ ᠲᠦᠴᠢᠦᠸᠠᠨ ᠰᠢᠶᠠᠨ ᠤ ᠪᠤᠤ ᠱᠢ ᠪᠠᠯᠭᠠᠰᠤᠨ ᠤ ᠠᠩᠬᠠᠳᠤᠭᠠᠷ ᠬᠤᠭᠤᠴᠠᠭᠠᠨ | ᠤ ︽ᠪᠤᠤ ᠱᠢ ᠶᠢᠨ ᠴᠤᠭᠯᠠᠭᠠᠨ︾ ᠨᠢ ᠬᠡᠩᠭᠡᠷᠭᠡ ᠴᠠᠩ ᠤᠨ ᠳᠤᠮᠳᠠ ᠵᠢᠩᠬᠢᠨᠢ ᠪᠠᠷ ᠡᠬᠢᠯᠡᠪᠡ᠃ ᠲᠣᠰ ᠤᠳᠠᠭᠠᠨ | ᠤ ᠠᠵᠢᠯᠯᠠᠭ᠎ᠠ ᠨᠢ ︽ᠲᠠᠩᠰᠤᠭ ᠰᠠᠶᠢᠬᠠᠨ ᠤᠮᠠᠷᠠᠲᠤ ᠬᠢᠯᠢ︾ ︿ᠰᠣᠶᠣᠯ﹀ ᠪᠠᠷ ᠲᠦᠴᠢᠤᠸᠠᠨ ᠢ ᠲᠤᠯᠠᠭᠠᠯᠠᠬᠤ︾ | ᠪᠠᠷ ᠭᠤᠤᠯ ᠰᠡᠳᠦᠪ ᠪᠣᠯᠭᠠᠵᠤ᠂ ︽ᠤᠷᠠᠨ ᠰᠠᠶᠢᠬᠠᠨ ᠤ ᠲᠣᠭᠯᠠᠯᠲᠠ + ᠠᠷᠠᠯᠵᠢᠶ᠎ᠠ ᠬᠤᠳᠠᠯᠳᠤᠭᠠᠨ ᠤ ᠴᠤᠭᠯᠠᠭ᠎ᠠ | ᠮᠠᠶᠢᠮᠠᠶ + ᠬᠤᠷᠠᠮᠳᠤᠯ ᠬᠤᠪᠢ ᠰᠣᠯᠢᠬᠤ︾ ᠰᠢᠨ᠎ᠡ ᠶᠢ ᠡᠭᠦᠳᠬᠦ ᠬᠡᠯᠪᠡᠷᠢ ᠪᠠᠷ ᠳᠠᠮᠵᠢᠭᠤᠯᠤᠨ᠂ ᠪᠤᠤ ᠱᠢ | ᠪᠠᠯᠭᠠᠰᠤᠨ ᠤ ︽ᠨᠢᠭᠡ ᠠᠭᠤᠯᠠ ᠨᠢᠭᠡ ᠤᠰᠤ ᠨᠢᠭᠡ ᠡᠷᠲᠡᠨ ᠤ ᠬᠠᠶᠢᠯᠠᠰᠤ᠂ ᠬᠤᠶᠠᠷ ᠨᠠᠭᠤᠷ ᠭᠤᠷᠪᠠᠨ ᠪᠠᠭᠤᠷᠢ | ᠳᠥᠷᠪᠡᠨ ᠦᠵᠡᠮᠵᠢᠲᠦ ᠲᠣᠰᠬᠤᠨ︾ ᠤ ᠥᠪᠡᠷᠮᠢᠴᠡ ᠷᠢᠳᠢ ᠰᠢᠳᠢ ᠶᠢ ᠪᠥᠬᠦ ᠲᠠᠯ᠎ᠠ ᠪᠠᠷ ᠢᠯᠡᠷᠡᠭᠦᠯᠪᠡ᠃ ᠲᠤᠬᠠᠶ | ᠶᠢᠨ ᠲᠠᠯᠠᠪᠠᠶ ᠳᠤ ᠬᠥᠮᠦᠨ ᠬᠠᠷ᠎ᠠ ᠰᠦᠯᠵᠢᠯᠳᠦᠨ᠂ ᠡᠳ᠋ ᠪᠠᠷᠠᠭ᠎ᠠ ᠡᠯᠪᠡᠭ ᠳᠡᠯᠪᠡᠭ᠂ ᠬᠥᠷ ᠨᠠᠷᠭᠢᠶᠠᠨ ᠲᠠᠢ᠂ | ᠪᠠᠷᠬᠢᠷᠠᠨ ᠬᠤᠳᠠᠯᠳᠤᠬᠤ᠂ ᠦᠨ᠎ᠡ ᠬᠠᠶᠠᠯᠴᠠᠬᠤ᠂ ᠪᠠᠶᠠᠷᠯᠠᠨ ᠢᠨᠢᠶᠡᠬᠦ ᠲᠠᠭᠤᠨ᠂ ᠳᠠᠭᠤᠤ ᠬᠥᠭᠵᠢᠮ ᠤᠨ ᠲᠠᠭᠤᠨ | ᠠᠳᠡ ᠲᠡᠨᠳᠡ ᠥᠬᠡᠶ ᠦᠷᠭᠦᠯᠵᠢᠯᠡᠵᠦ᠂ ᠴᠢᠬᠢᠨ ᠳᠤ ᠠᠶᠠᠲᠠᠶ ᠬᠥᠳᠡᠭᠡ ᠲᠣᠰᠬᠤᠨ ᠤ ᠴᠤᠭᠯᠠᠭ᠎ᠠ ᠮᠠᠶᠢᠮᠠᠶ ᠶᠢᠨ ︽ | ᠨᠠᠶᠢᠷᠠᠯ ᠬᠥᠭᠵᠢᠮ︾ ᠢ ᠰᠦᠯᠵᠢᠪᠡ᠃ | | ᠰᠣᠶᠣᠯ ᠤᠷᠠᠯᠢᠭ ᠤᠨ ᠲᠣᠭᠯᠠᠯᠲᠠ ᠬᠥᠳᠡᠭᠡ ᠲᠣᠰᠬᠤᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠪᠡ | ᠦᠳᠡ ᠶᠢᠨ ᠡᠮᠦᠨᠡᠬᠢ 8 ᠴᠠᠭ 58 ᠮᠢᠨᠦ᠋ᠲ ᠲᠤ᠂ᠪᠤᠤ ᠴᠧᠩ ᠲᠣᠰᠬᠤᠨ᠂ ᠳ᠋ᠦᠩ ᠭᠸᠤ ᠲᠣᠰᠬᠤᠨ ᠤ | ᠤᠯᠠᠮᠵᠢᠯᠠᠯᠲᠤ ᠶᠠᠩᠭᠠᠷ ᠳᠠᠭᠤᠤ ᠪᠠᠷ ᠠᠵᠢᠯᠯᠠᠭ᠎ᠠ ᠶᠢᠨ ᠬᠥᠰᠢᠭᠡ ᠶᠢ ᠰᠡᠬᠦᠪᠡ᠃ ᠳᠠᠷᠠᠭ᠎ᠠ ᠨᠢ᠂ ᠪᠤᠤ ᠱᠢ ᠪᠠᠯᠭᠠᠰᠤᠨ | ᠤ ᠨᠠᠷᠢᠨ ᠨᠢᠮᠪᠠᠶ ᠨᠠᠶᠢᠷᠠᠭᠤᠯᠤᠨ ᠲᠣᠬᠢᠷᠠᠭᠤᠯᠤᠭᠰᠠᠨ 20 ᠭᠠᠷᠤᠶ ᠫᠷᠤᠭ᠍ᠷᠠᠮ ᠡᠭᠡᠯᠵᠢᠯᠡᠨ ᠲᠣᠭᠯᠠᠵᠤ᠂ ᠦᠵᠡᠭᠴᠢᠳ | ᠲᠤ ᠨᠢᠭᠡ ᠤᠳᠠᠭᠠᠨ ᠤ ᠰᠤᠨᠤᠷ ᠬᠠᠷᠠᠭᠠᠨ ᠤ ᠦᠪᠡᠳᠡᠭᠰᠢ ᠨᠠᠶᠢᠷ ᠬᠠᠩᠭᠠᠪᠠ᠃ ᠪᠤᠤ ᠱᠢ ᠨᠡᠶᠢᠭᠡᠮ ᠲᠣᠭᠤᠷᠢᠭ᠂ | ᠪᠤᠤ ᠯᠧ ᠲᠣᠰᠬᠤᠨ᠂ ᠪᠤᠤ ᠱᠢ ᠪᠠᠭ᠎ᠠ ᠰᠤᠷᠭᠠᠭᠤᠯᠢ᠂ ᠡᠪᠦᠭᠡᠨ ᠠᠭᠤᠯᠠᠨ ᠤ ᠤᠳᠬ᠎ᠠ ᠵᠣᠬᠢᠶᠠᠯ ᠤᠨ ᠬᠤᠷᠢᠶ᠎ᠠ᠂ | ᠪᠠᠯᠭᠠᠰᠤᠨ ᠤ ᠪᠠᠶᠢᠭᠤᠯᠭ᠎ᠠ ᠶᠢᠨ ᠺᠠᠳ᠋ᠷ ᠵᠡᠷᠭᠡ ᠣᠯᠠᠨ ᠲᠥᠯᠥᠭᠡᠯᠡᠭᠴᠢᠳ ᠤᠨ ᠪᠦᠯᠬᠦᠮ ᠣᠯᠠᠨ ᠳᠤ ᠮᠣᠩᠭᠤᠯ | ᠪᠥᠵᠢᠭ᠂ ᠱᠤᠭ ᠪᠥᠵᠢᠭ᠂ ᠯᠠ ᠯᠠ ᠪᠥᠵᠢᠭ᠂ ᠭᠤᠴᠣᠯᠠᠯ ᠳᠠᠭᠤᠤ ᠵᠢᠴᠢ ᠤᠷᠠᠨ ᠪᠢᠴᠢᠯᠭᠡ ᠶᠢᠨ ᠦᠵᠡᠭᠦᠯᠭᠡ | ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠵᠤ᠂ ᠲᠠᠯ᠎ᠠ ᠨᠤᠲᠤᠭ ᠤᠨ ᠰᠣᠶᠣᠯ ᠤᠨ ᠣᠮᠤᠭ ᠵᠣᠷᠢᠭ ᠵᠢᠴᠢ | ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ | ᠳᠦᠷᠰᠦ ᠪᠠᠶᠢᠳᠠᠯ ᠢ ᠭᠦᠶᠴᠡᠳ ᠢᠯᠡᠷᠡᠭᠦᠯᠪᠡ᠃ | | ᠪᠦᠬᠦᠶᠢᠯᠡ ᠲᠣᠭᠯᠠᠯᠲᠠ ᠨᠢ ᠦᠨᠳᠦᠰᠦᠲᠡᠨ ᠤ ᠪᠥᠵᠢᠭ᠂ ᠤᠳᠤ ᠦᠶ᠎ᠡ ᠶᠢᠨ ᠪᠥᠵᠢᠭ᠂ ᠠᠷᠠᠳ ᠤᠨ ᠬᠥᠭᠵᠢᠮ | ᠂ ᠳᠠᠭᠤᠤ ᠵᠡᠷᠭᠡ ᠤᠯᠠᠨ ᠡᠰᠢᠲᠦ ᠤᠷᠠᠯᠢᠭ ᠤᠨ ᠬᠡᠯᠪᠡᠷᠢ ᠶᠢ ᠠᠭᠤᠰᠤᠯᠴᠠᠭᠤᠯᠵᠤ᠂ ᠮᠢᠩᠭ᠎ᠠ ᠭᠠᠷᠤᠢ ᠤᠯᠠᠨ ᠲᠦᠮᠡᠨ | ᠤ ᠬᠠᠷᠠᠭ᠎ᠠ ᠶᠢ ᠲᠠᠲᠠᠵᠤ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠠ ᠦᠭᠡᠢ ᠳᠠᠭᠤᠷᠢᠰᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠤᠤ ᠱᠢ ᠪᠠᠯᠭᠠᠰᠤᠨ ᠤ ᠵᠠᠯᠠᠭᠤ ᠰᠠᠶᠢᠨ ᠳᠤᠷᠠᠴᠤᠳ ᠭᠤᠷᠪᠠᠨ | ᠶᠡᠭᠡ ᠦᠵᠡᠮᠵᠢ ᠶᠢᠨ ᠣᠷᠣᠨ ᠤ ᠤᠬᠠᠭᠤᠯᠭ᠎ᠠ ᠶᠢᠨ ᠬᠠᠭᠤᠳᠠᠰᠤ ᠶᠢ ᠵᠡᠷᠭᠡ ᠪᠠᠷ ᠲᠠᠷᠬᠠᠭᠠᠵᠤ᠂ ᠲᠦᠴᠢᠦᠸᠠᠨ ᠤ | ᠵᠢᠭᠤᠯᠴᠢᠯᠠᠯ ᠢ ᠲᠠᠨᠢᠯᠴᠠᠭᠤᠯᠵᠤ᠂ ᠲᠠᠪᠤᠨ ᠰᠠᠷ᠎ᠠ ᠶᠢᠨ ᠨᠢᠭᠡᠨ ᠤ ᠦᠵᠡᠮᠵᠢ ᠶᠢᠨ ᠣᠷᠣᠨ ᠤ ᠬᠦᠷᠢᠶᠡᠯᠡᠩ ᠨᠡᠭᠡᠭᠡᠬᠦ | ᠳᠤ ᠬᠦᠴᠦᠨ ᠨᠡᠮᠡᠷᠢᠯᠡᠪᠡ᠃ ᠡᠭᠦᠨ ᠤ ᠬᠠᠮᠲᠤ᠂ ᠨᠡᠶᠢᠭᠡᠮ ᠤᠨ ᠪᠠᠲᠤᠯᠠᠭ᠎ᠠ ᠶᠢᠨ ᠭᠠᠵᠠᠷ ᠵᠢᠴᠢ ᠬᠤᠯᠪᠣᠭᠳᠠᠯ ᠪᠥᠬᠦᠶ | ᠣᠨᠣᠯ ᠤᠨ ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢᠳ ᠴᠤ ︽ᠳᠡᠯᠭᠡᠭᠡ ᠮᠠᠶᠢᠮᠠᠶ︾ ᠬᠢᠵᠦ᠂ ᠠᠷᠰᠠᠷ | ᠠᠵᠢᠯ ᠤᠨ ᠵᠠᠬ᠎ᠠ ᠳᠡᠯᠭᠡᠭᠦᠷ ᠭᠠᠷᠭᠠᠨ᠂ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠣᠯᠠᠨ ᠲᠦᠮᠡᠨ ᠳᠤ ᠠᠵᠢᠯ | ᠤᠨ ᠪᠠᠶᠢᠷᠢ ᠶᠢᠨ ᠮᠡᠳᠡᠭᠡ ᠵᠠᠩᠭᠢ ᠬᠠᠩᠭᠠᠵᠤ᠂ ᠬᠦᠴᠦᠲᠡᠶ ᠠᠷᠭ᠎ᠠ ᠬᠡᠮᠵᠢᠶ᠎ᠡ ᠪᠠᠷ ︽ᠵᠢᠷᠭᠤᠭᠠᠨ ᠠᠵᠢᠯᠯᠠᠭ᠎ᠠ︾ ᠳᠤ | ᠬᠦᠴᠦ ᠨᠡᠮᠡᠷᠢᠯᠡᠵᠦ ᠪᠠᠶᠢᠨ᠎ᠠ᠃ | | ᠣᠨᠴᠠᠯᠢᠭᠲᠤ ᠴᠤᠭᠯᠠᠭ᠎ᠠ ᠮᠠᠶᠢᠮᠠᠶ ᠬᠥᠳᠡᠭᠡ ᠲᠣᠰᠬᠤᠨ ᠤ ᠠᠵᠤ ᠠᠬᠤᠶ ᠶᠢ ᠬᠥᠭᠵᠢᠭᠡᠨ᠎ᠡ | ᠪᠤᠤ ᠱᠢ ᠶᠢᠨ ᠶᠡᠭᠡ ᠴᠤᠭᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠠᠷᠢᠶᠠᠯᠠᠩ ᠤᠨ ᠣᠨᠴᠠ ᠭᠠᠷᠤᠯᠲᠠ᠂ ᠭᠠᠷ | ᠤᠷᠠᠯᠠᠯ ᠤᠨ ᠪᠦᠲᠦᠭᠡᠭᠳᠡᠬᠦᠨ᠂ ᠣᠨᠴᠠᠯᠢᠭᠲᠤ ᠠᠮᠲᠠᠲᠤ ᠢᠳᠡᠭᠡᠨ ᠵᠡᠷᠭᠡ ᠵᠠᠭᠤ ᠭᠠᠷᠤᠶ ᠳᠡᠯᠭᠡᠭᠦᠷ ᠭᠠᠷᠭᠠᠵᠤ᠂ ᠡᠯ᠎ᠡ | ᠲᠥᠷᠥᠯ ᠤᠨ ᠲᠠᠸᠠᠷ ᠴᠥᠮ ᠪᠠᠶᠢᠭ᠎ᠠ ᠶᠤᠮ᠃ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠠᠪᠴᠢᠷᠠᠭᠰᠠᠨ | ᠠᠭᠤᠯᠠᠨ ᠡᠷᠳᠡᠨᠢ᠂ ᠡᠯᠳᠡᠪ ᠠᠮᠤ᠂ ᠭᠠᠷ ᠨᠡᠬᠡᠮᠡᠯ ᠵᠡᠷᠭᠡ ᠨᠢ ᠪᠤᠯᠢᠶᠠᠯᠳᠤᠨ ᠠᠪᠤᠯᠴᠠᠬᠤ ᠪᠠᠷᠠᠭ᠎ᠠ ᠪᠣᠯᠵᠠᠶ᠂ ᠡᠭᠦᠨ | ᠳᠤ ︽ᠬᠦᠮᠬᠦᠯ ᠤᠨ ᠨᠠᠬᠢᠶ᠎ᠠ︾᠂ ︽ᠡᠪᠦᠭᠡᠨ ᠠᠭᠤᠯᠠᠨ ᠤ ᠬᠡᠭᠡᠷ᠎ᠡ ᠶᠢᠨ ᠮᠥᠭᠦ︾ ᠵᠡᠷᠭᠡ ᠭᠠᠵᠠᠷ ᠵᠦᠶ ᠶᠢᠨ | ᠲᠡᠮᠳᠡᠭᠲᠦ ᠪᠦᠲᠦᠭᠡᠭᠳᠡᠬᠦᠨ ᠨᠢ ᠬᠥᠮᠦᠰ ᠤᠨ ᠠᠩᠬᠠᠷᠤᠯ ᠢ ᠶᠡᠬᠡᠳᠡ ᠲᠠᠲᠠᠵᠤ ᠪᠣᠶ᠃ | | ︽ᠥᠨᠥᠳᠦᠷ ᠮᠠᠰᠢ ᠣᠯᠠᠨ ᠠᠮᠲᠠᠲᠠᠢ ᠶᠠᠭᠤᠮ᠎ᠠ ᠢᠳᠡᠵᠡᠢ᠂ ᠪᠢ ᠮᠥᠰᠥᠯᠡᠮᠵᠢ ᠢᠳᠡᠵᠦ᠂ ᠪᠠᠰᠠ ᠪᠠᠭ᠎ᠠ ᠪᠤᠰᠤ | ᠵᠢᠮᠢᠰ ᠪᠣᠯᠤᠨ ᠬᠡᠭᠡᠷ᠎ᠡ ᠶᠢᠨ ᠨᠣᠭᠤᠭ᠎ᠠ ᠬᠤᠳᠠᠯᠳᠤᠨ ᠠᠪᠴᠠᠢ᠂ ᠶᠠᠭᠤᠮ᠎ᠠ ᠡᠶᠢᠮᠦ ᠡᠯᠪᠡᠭ ᠭᠡᠵᠦ ᠪᠣᠳᠣᠵᠤ | ᠣᠯᠤᠭᠰᠠᠨ ᠦᠭᠡᠢ᠂ ᠲᠤᠭᠯᠠᠯᠳᠠ ᠨᠢ ᠪᠠᠰᠠ ᠰᠠᠶᠢᠬᠠᠨ᠂ ᠪᠢ ᠱᠠᠩᠨᠠᠯ ᠰᠤᠭᠤᠯᠤᠨ ᠰᠣᠯᠢᠬᠤ ᠬᠥᠳᠡᠯᠭᠡᠭᠡᠨ ᠳᠤ | ᠣᠷᠣᠯᠴᠠᠵᠤ᠂ ᠪᠠᠰᠠ ᠨᠢᠭᠡ ᠤᠭᠤᠲᠠ ᠲᠤᠲᠤᠷᠭ᠎ᠠ ᠣᠯᠵᠠᠢ᠂ ᠦᠨᠡᠬᠡᠷ ᠪᠠᠶᠠᠷᠯᠠᠯ᠎ᠠ᠃︾ ᠭᠡᠵᠦ ᠰᠢᠤᠸᠠᠢ ᠲᠢᠶᠠᠨ | ᠰᠢᠶᠠᠩ ᠤᠨ ᠴᠤᠭᠯᠠᠭ᠎ᠠ ᠮᠠᠶᠢᠮᠠᠶ ᠳᠤ ᠣᠴᠢᠭᠰᠠᠨ ᠯᠢ ᠠᠪᠠᠭ᠋ᠠᠶ ᠰᠡᠳᠬᠢᠯ ᠳᠣᠭᠳᠣᠯᠤᠨ ᠬᠡᠯᠡᠪᠡ᠃ | | | | | | ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠠᠵᠢᠯᠯᠠᠭ᠎ᠠ ᠨᠢ ︽ᠬᠥᠳᠡᠭᠡ ᠲᠣᠰᠬᠤᠨ ᠤ | ᠵᠠᠰᠠᠯᠲᠠ ᠶᠢᠨ ᠬᠤᠪᠢ ᠬᠤᠷᠠᠮᠳᠤᠭᠤᠯᠬᠤ ᠲᠦᠷᠢᠮ ᠨᠢ ᠪᠤᠤ ᠱᠢ ᠶᠢᠨ ᠶᠡᠭᠡ ᠴᠤᠭᠯᠠᠷᠠᠯ ᠳᠤ ᠬᠦᠴᠦᠨ ᠨᠡᠮᠡᠷᠢᠯᠡᠬᠦ ᠳᠤ | ᠥᠰᠥᠭ ᠴᠤᠭᠯᠠᠭᠤᠯᠵᠤ ᠱᠠᠩᠨᠠᠯ ᠰᠤᠯᠢᠬᠤ︾ ᠠᠵᠢᠯᠯᠠᠭ᠎ᠠ ᠶᠢ ᠥᠷᠨᠢᠭᠦᠯᠵᠦ᠂ ᠴᠤᠭᠯᠠᠭ᠎ᠠ ᠮᠠᠶᠢᠮᠠᠶ ᠳᠤ ᠢᠷᠡᠵᠦ | ᠲᠠᠸᠠᠷ ᠬᠤᠳᠠᠯᠳᠤᠨ ᠠᠪᠬᠤ ᠣᠯᠠᠨ ᠲᠦᠮᠡᠨ ᠬᠤᠳᠠᠯᠳᠤᠭᠠᠨ ᠤ ᠭᠠᠵᠠᠷ ᠠᠴᠠ ᠱᠠᠩᠨᠠᠯ ᠤᠨ ᠲᠡᠮᠳᠡᠭᠲᠦ ᠰᠤᠭᠤᠯᠵᠤ | ᠠᠪᠬᠤ᠂ ᠵᠣᠭᠤᠰ ᠰᠣᠯᠢᠬᠤ ᠴᠡᠭ ᠠᠴᠠ ᠱᠠᠩᠨᠠᠯ ᠰᠤᠭᠤᠯᠵᠤ ᠠᠪᠬᠤ ᠠᠵᠢᠯᠯᠠᠭ᠎ᠠ ᠳᠤ ᠣᠷᠣᠯᠴᠠᠵᠤ᠂ ︽ᠴᠦᠨ | ᠵᠧᠦ ᠹᠦ᠋ ᠳ᠋ᠢ︾᠂ ︽ᠠᠭᠤᠯᠠ ᠤᠰᠤᠨ ᠪᠤᠤ ᠱᠢ︾᠂ ︽ᠠᠮᠢ ᠠᠬᠤᠶ ᠶᠢᠨ ᠲᠦᠴᠢᠦᠸᠠᠨ︾ ᠭᠡᠬᠦ ᠥᠰᠥᠭ ᠢᠶᠠᠷ | ᠲᠤᠲᠤᠷᠭ᠎ᠠ ᠰᠣᠯᠢᠵᠤ ᠪᠣᠯᠤᠨ᠎ᠠ᠂ ᠲᠣᠰ ᠠᠵᠢᠯᠯᠠᠭ᠎ᠠ ᠨᠢ ᠶᠡᠭᠡ ᠴᠤᠭᠯᠠᠭ᠎ᠠ ᠮᠠᠶᠢᠮᠠᠶ ᠶᠢᠨ ᠰᠣᠨᠢᠷᠬᠠᠯᠲᠤ ᠴᠢᠨᠠᠷ ᠪᠠ | ᠬᠠᠷᠢᠯᠴᠠᠨ ᠦᠶᠯᠡᠳᠦᠯᠴᠡᠬᠦ ᠴᠢᠨᠠᠷ ᠢ ᠶᠡᠭᠡ ᠪᠠᠷ ᠨᠡᠮᠡᠭᠳᠡᠭᠦᠯᠪᠡ᠃ | ᠤᠯᠠᠨ ᠲᠦᠮᠡᠨ ᠪᠠᠶᠠᠷ ᠬᠦᠷ ᠲᠠᠢ ᠲᠣᠭᠤᠷᠢᠵᠤ᠂ ᠳᠡᠯᠭᠡᠭᠦᠷ ᠤᠨ ᠡᠵᠡᠳ ᠴᠦ ᠶᠠᠭᠠᠷᠠᠯᠳᠤᠨ ᠬᠥᠭᠡᠷᠦᠯᠳᠦᠵᠦ᠂ | ᠵᠣᠴᠢᠳ ᠳᠡᠯᠭᠡᠭᠦᠷ ᠤᠨ ᠵᠠᠪᠰᠠᠷ ᠢᠶᠠᠷ ᠰᠦᠯᠵᠢᠯᠳᠦᠵᠦ᠂ ᠲᠣᠭᠤᠭᠰᠠᠨ ᠲᠠᠸᠠᠷ ᠢᠶᠠᠨ ᠨᠠᠷᠢᠨ ᠨᠢᠮᠪᠠᠢ ᠰᠢᠯᠢᠵᠦ᠂ | ᠳᠡᠯᠭᠡᠭᠦᠷ ᠤᠨ ᠡᠵᠡᠳ ᠬᠦᠨᠳᠦ ᠪᠠᠨ ᠬᠡᠮᠵᠢᠵᠦ᠂ ᠪᠣᠭᠤᠳᠠᠯᠯᠠᠵᠤ ᠶᠠᠭᠠᠷᠠᠯᠳᠤᠨ᠎ᠠ᠂ ᠲᠤᠬᠠᠢ ᠶᠢᠨ ᠲᠠᠯᠠᠪᠠᠢ ᠳᠤ ᠬᠦᠷ | ᠨᠠᠷᠭᠢᠶᠠᠨ ᠪᠠᠷ ᠪᠢᠯᠬᠠᠨ᠎ᠠ᠃ | ᠱᠣᠷᠣᠯᠠᠭ ᠬᠤᠳᠠᠯᠳᠤᠳᠠᠭ ᠬᠤᠳᠠᠯᠳᠤᠭᠴᠢ ᠸᠠᠩ ᠮᠢᠩ ᠶᠢᠦ᠄ ︽ᠪᠢ ᠲᠦᠴᠢᠦᠸᠠᠨ ᠠᠴᠠ ᠢᠷᠡᠵᠡᠢ᠂ | ᠥᠨᠥᠳᠦᠷ ᠠᠩᠬ᠎ᠠ ᠤᠳᠠᠭ᠎ᠠ ᠪᠤᠤ ᠱᠢ ᠳᠤ ᠢᠷᠡᠵᠡᠢ᠂ ᠪᠢ ᠥᠨᠥᠳᠦᠷ 4000 ᠲᠥᠭᠦᠷᠢᠭ ᠬᠤᠳᠠᠯᠳᠤᠵᠠᠢ᠃ | ᠠᠳᠡᠬᠢ ᠣᠷᠴᠢᠨ ᠲᠣᠭᠤᠷᠢᠨ ᠰᠠᠶᠢᠨ᠂ ᠬᠥᠮᠦᠨ ᠤ ᠤᠷᠤᠰᠬᠠᠯ ᠶᠡᠭᠡ᠂ ᠰᠣᠨᠣᠰᠬᠤ ᠳᠤ ᠲᠠᠪᠤᠨ ᠰᠠᠷ᠎ᠠ ᠶᠢᠨ ᠨᠢᠭᠡᠨ | ᠳᠤ ᠴᠡᠴᠡᠷᠯᠢᠭ ᠨᠡᠭᠡᠭᠡᠬᠦ ᠳᠤ ᠪᠠᠰᠠ ᠴᠤᠭᠯᠠᠭ᠎ᠠ ᠮᠠᠶᠢᠮᠠᠢ ᠨᠡᠮᠡᠨ᠎ᠡ ᠭᠡᠨ᠎ᠡ᠂ ᠪᠢ ᠪᠠᠰᠠ ᠢᠷᠡᠬᠦ ᠰᠠᠨᠠᠭ᠎ᠠ ᠲᠠᠢ᠃︾ | ᠭᠡᠵᠡᠢ᠃ | | | | | | ᠰᠣᠶᠣᠯ ᠵᠢᠭᠤᠯᠴᠢᠯᠠᠯ ᠠᠭᠤᠰᠤᠯᠴᠠᠵᠤ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠪᠠ | ᠲᠣᠰ ᠤᠳᠠᠭᠠᠨ ᠤ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠳᠤ᠂ᠪᠤᠤ ᠱᠢ ᠪᠠᠯᠭᠠᠰᠤ ᠰᠣᠶᠣᠯ ᠢ ᠠᠷᠠᠳ ᠤᠨ | ᠠᠮᠢᠳᠤᠷᠠᠯ ᠤᠨ ᠴᠤᠭᠯᠠᠭ᠎ᠠ ᠮᠠᠶᠢᠮᠠᠶ ᠳᠤ ᠠᠭᠤᠰᠤᠯᠴᠠᠭᠤᠯᠵᠤ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠶ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠵᠤᠭᠠᠴᠠᠭᠰᠠᠳ ᠲᠤ ᠬᠥᠳᠡᠭᠡ ᠲᠣᠰᠬᠤᠨ ᠤ ᠠᠭᠤᠷ ᠠᠮᠢᠰᠬᠤᠯ ᠢ | ᠠᠮᠲᠠᠯᠠᠭᠤᠯᠬᠤ ᠶᠢᠨ ᠬᠠᠮᠲᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠥᠪᠡᠷᠮᠢᠴᠡ | ᠷᠢᠳᠢ ᠰᠢᠳᠢ ᠶᠢ ᠭᠦᠨᠵᠡᠭᠡᠶ ᠮᠡᠳᠡᠷᠡᠭᠦᠯᠪᠡ᠃ | | | | | | ︽ᠡᠶᠢᠮᠦᠷᠬᠦᠦ ᠠᠵᠢᠯᠯᠠᠭ᠎ᠠ ᠨᠢ ᠣᠨᠴᠠ ᠰᠠᠶᠢᠨ ᠪᠠᠶᠢᠵᠤ᠂ ᠮᠠᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠲᠤᠬᠠᠢ ᠶᠢᠨ ᠭᠠᠵᠠᠷ ᠤᠨ ᠠᠵᠤ ᠠᠬᠤᠢ ᠶᠢ ᠲᠠᠶᠢᠴᠢᠯᠠᠪᠠ᠃ ᠬᠤᠵᠢᠮ | ᠦᠷᠭᠦᠯᠵᠢ ᠶᠠᠪᠤᠭᠳᠠᠬᠤ ᠶᠢ ᠬᠦᠰᠡᠶ᠎ᠡ᠃︾ ᠭᠡᠵᠦ ᠪᠤᠤ ᠴᠧᠩ ᠲᠣᠰᠬᠤᠨ ᠤ ᠠᠷᠠᠳ ᠵᠠᠩ ᠠᠪᠠᠭ᠎ᠠ ᠪᠠᠶᠠᠷᠲᠠᠢ | ᠬᠡᠯᠡᠨ᠎ᠡ᠃ | ᠪᠤᠤ ᠱᠢ ᠶᠢᠨ ᠴᠤᠭᠯᠠᠭ᠎ᠠ ᠮᠠᠶᠢᠮᠠᠶ ᠨᠢ ᠪᠠᠶᠢᠩᠭᠤ ᠶᠢᠨ ᠠᠵᠢᠯᠯᠠᠭ᠎ᠠ ᠪᠣᠯᠤᠭᠰᠠᠨ ᠤ ᠬᠤᠪᠢ ᠳᠤ᠂ ᠰᠠᠷ᠎ᠠ | ᠪᠦᠷᠢ ᠶᠢᠨ ᠵᠢᠷᠭᠤᠭ᠎ᠠ ᠶᠢᠨ ᠡᠳᠦᠷ ᠳᠤ ᠶᠠᠪᠤᠭᠳᠠᠵᠤ᠂ ︽ᠰᠣᠶᠣᠯ ᠢ ᠣᠷᠣᠭᠤᠯᠵᠤ ᠠᠪᠴᠢᠷᠠᠬᠤ᠂ ᠠᠷᠠᠯᠵᠢᠶ᠎ᠠ | ᠬᠤᠳᠠᠯᠳᠤᠭ᠎ᠠ ᠳᠤ ᠡᠨᠧᠷᠭᠢ ᠣᠯᠭᠤᠬᠤ᠂ ᠵᠢᠭᠤᠯᠴᠢᠯᠠᠯ ᠤᠨ ᠥᠷᠲᠡᠭ ᠢ ᠨᠡᠮᠡᠭᠳᠡᠭᠦᠯᠬᠦ︾ ᠵᠠᠭᠪᠤᠷ ᠢᠶᠠᠷ | ᠳᠠᠮᠵᠢᠭᠤᠯᠤᠨ᠂ ᠰᠣᠶᠣᠯ ᠵᠢᠭᠤᠯᠴᠢᠯᠠᠯ ᠬᠥᠳᠡᠭᠡ ᠠᠵᠤ ᠠᠬᠤᠶ ᠬᠤᠳᠠᠯᠳᠤᠭᠠᠨ ᠤ ᠠᠭᠤᠰᠤᠯᠴᠠᠯ ᠤᠨ ᠠᠵᠢᠯ ᠢ | ᠰᠠᠶᠢᠲᠤᠷ ᠬᠢᠵᠦ᠂ ᠰᠣᠶᠣᠯ ᠤᠨ ︽ᠵᠥᠭᠡᠯᠡᠨ ᠪᠣᠳᠠᠲᠤ ᠬᠦᠴᠦᠨ︾ ᠢᠶᠠᠷ ᠰᠣᠶᠣᠯ ᠵᠢᠭᠤᠯᠴᠢᠯᠠᠯ ᠤᠨ ︽ᠬᠠᠲᠠᠭᠤ | ᠲᠤᠯᠭᠠᠭᠤᠷᠢᠯᠠᠯ︾ ᠢ ᠦᠷᠭᠦᠯᠵᠢᠯᠡᠨ ᠪᠠᠬᠢᠵᠢᠭᠦᠯᠵᠦ᠂ ᠰᠢᠶᠠᠨ ᠤ ᠳᠣᠲᠣᠨ᠎ᠠ ᠭᠠᠳᠠᠨᠠᠬᠢ ᠬᠤᠳᠠᠯᠳᠤᠭᠠᠴᠢᠨ ᠳᠤ | ᠲᠠᠪᠴᠠᠩ ᠪᠠᠶᠢᠭᠤᠯᠤᠨ ᠥᠭᠴᠦ᠂ ᠲᠤᠬᠠᠶ ᠶᠢᠨ ᠭᠠᠵᠠᠷ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ | ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠳᠤ ᠬᠦᠴᠦᠨ ᠨᠡᠮᠡᠷᠢᠯᠡᠵᠦ᠂ ︽ᠰᠣᠶᠣᠯ ᠢᠶᠠᠷ ᠲᠠᠪᠴᠠᠩ ᠪᠣᠯᠭᠠᠬᠤ | ᠂ ᠠᠵᠤ ᠠᠬᠤᠶ ᠪᠠᠷ ᠰᠢ ᠳᠠᠭᠤᠯᠠᠬᠤ᠂ ᠠᠷᠠᠳ ᠣᠯᠠᠨ ᠳᠤ ᠠᠰᠢᠭ ᠬᠦᠷᠲᠡᠭᠡᠬᠦ︾ ᠰᠠᠶᠢᠨ ᠣᠷᠴᠢᠯ ᠢ ᠦᠨᠡᠨ ᠬᠦ | ᠪᠡᠶᠡᠯᠡᠭᠦᠯᠦᠨ᠎ᠡ᠃ | |