4 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠭᠦ ᠣᠷᠣᠨ ᠤ ᠲᠦᠷᠦᠭᠦᠦ | ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶᠢᠳ ᠯᠢ ᠴᠢᠶᠠᠩ ᠤᠨ ᠶᠠᠷᠢᠶᠠᠨ ᠤ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠴᠡᠷᠢᠭ ᠵᠠᠰᠠᠭ᠂ ᠴᠡᠷᠢᠭ ᠠᠷᠠᠳ ᠪᠦᠯᠬᠦᠮᠳᠡᠨ ᠲᠡᠮᠡᠴᠡᠭᠰᠡᠨ | ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠣᠨ | ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠵᠦ᠂ ᠴᠡᠷᠢᠭ ᠠᠩᠭᠢ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ | ᠨᠢᠭᠲᠠᠷᠠᠭᠤᠯᠵᠤ᠂ ᠬᠤᠶᠠᠷ ᠲᠠᠯ᠎ᠠ ᠪᠠᠷ ᠢᠶᠠᠨ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠨ ᠪᠣᠳᠠᠲᠤ ᠶᠠᠪᠤᠳᠠᠯ | ᠬᠢᠬᠦ ︽ᠬᠤᠣᠰ ᠨᠠᠷᠢᠨ ᠲᠠᠩᠰᠠ ︾ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠩ | ᠣᠯᠠᠨ ᠬᠠᠮᠵᠢᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠠᠯᠪᠠᠨ ᠴᠡᠷᠢᠭ ᠪᠣᠯᠣᠨ | ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠪᠣᠳᠠᠲᠠᠢ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ | ᠪᠣᠳᠣᠯᠬᠢᠯᠠᠵᠤ᠂ ᠨᠡᠩ ᠤᠯᠠᠨ ᠨᠠᠷᠢᠯᠢᠭ ᠤᠨᠤᠪᠴᠢᠲᠠᠢ ᠪᠣᠳᠠᠲᠠᠢ ᠶᠢ ᠡᠷᠬᠢᠮᠯᠡᠭᠰᠡᠨ ᠦᠢᠯᠡᠴᠢᠯᠡᠭᠡ ᠪᠠᠲᠤᠯᠠᠭ᠎ᠠ ᠶᠢᠨ | ᠠᠷᠭ᠎ᠠ ᠬᠡᠮᠵᠢᠶ᠎ᠡ ᠠᠪᠴᠤ᠂ ᠲᠡᠳᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠨᠥᠬᠦᠴᠡᠯ ᠪᠦᠷᠢᠯᠳᠦᠭᠦᠯᠵᠦ᠂ ᠠᠷᠭ᠎ᠠ ᠶᠢᠨ ᠰᠢᠨ᠎ᠡ ᠶᠢ ᠡᠭᠦᠳᠴᠦ᠂ ᠨᠡᠩ ᠤᠯᠠᠨ ᠶᠠᠩᠵᠤ ᠭᠡᠯᠪᠡᠷᠢ ᠶᠢᠨ ᠤᠯᠠᠨ | ᠲᠦᠮᠡᠨᠴᠢ ᠴᠢᠨᠠᠷᠲᠠᠢ ᠬᠤᠶᠠᠷ ᠢ ᠬᠦᠷᠢᠶᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ | ᠳᠠᠶᠠᠭᠠᠷ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠢ | ᠬᠦᠨᠳᠦᠳᠬᠡᠨ ᠪᠢᠰᠢᠷᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠠᠴᠠ ᠨᠠᠭᠠᠰᠢ ᠪᠦᠭᠦ ᠣᠷᠣᠨ ᠤ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ | ᠲᠣᠭᠲᠠᠭᠤᠨ ᠪᠠᠶᠢᠨ᠎ᠠ᠃ ᠡᠯ᠎ᠡ ᠱᠠᠲᠤᠨ ᠤ ᠬᠢᠨ ᠢᠲᠡᠭᠡᠯ ᠵᠣᠷᠢᠭ ᠢᠶᠠᠨ ᠴᠢᠩᠭᠠᠳᠬᠠᠵᠤ᠂ ᠲᠣᠭᠲᠠᠯ ᠬᠦᠴᠦᠨ ᠢᠶᠠᠨ | ᠪᠠᠲᠤᠯᠠᠵᠤ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠢᠳᠡᠪᠬᠢᠲᠡᠢ ᠪᠠᠶᠢᠳᠠᠯ ᠪᠣᠯᠣᠨ ᠠᠰᠢᠭᠲᠠᠢ | ᠨᠥᠬᠦᠴᠡᠯ ᠢ ᠭᠦᠢᠴᠡᠳ ᠣᠯᠵᠤ ᠬᠠᠷᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠲᠤᠯᠭᠠᠷᠠᠵᠤ ᠪᠠᠶᠢᠭ᠎ᠠ | ᠬᠦᠴᠢᠷᠳᠡᠯ ᠥᠷᠢᠰᠦᠯᠳᠦᠭᠡᠨ ᠢ ᠰᠡᠷᠭᠡᠭ ᠲᠠᠨᠢᠵᠤ᠂ ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠣᠰᠣᠭᠠᠷ | ᠯᠠᠪᠳᠠᠭᠤᠨ ᠪᠠᠲᠤᠲᠠᠢ ᠠᠵᠢᠯᠯᠠᠵᠤ᠂ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ᠃ ᠬᠥᠭᠵᠢᠯᠲᠡ ᠶᠢᠨ ᠲᠤᠯᠭᠠᠮ ᠰᠡᠳᠬᠢᠯᠭᠡ ᠪᠠᠨ ᠴᠢᠩᠭᠠᠳᠬᠠᠵᠤ᠂ | ᠱᠠᠯᠠᠪᠳᠠᠨ ᠠᠵᠢᠯᠯᠠᠵᠤ᠂ ᠬᠦᠴᠦᠯᠡᠨ ᠴᠢᠷᠮᠠᠶᠢᠵᠤ᠂ ᠠᠵᠤ ᠠᠬᠤᠢ ᠶᠢᠨ ᠠᠵᠢᠯ ᠢ ᠨᠡᠩ ᠯᠠᠪᠳᠠᠭᠤᠨ ᠪᠠᠲᠤᠲᠠᠢ | ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠳᠠᠪᠠᠭᠤᠯᠢᠭ ᠢ ᠨᠡᠮᠡᠭᠳᠡᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ | ᠦᠷᠭᠦᠯᠵᠢᠯᠡᠨ ᠬᠦᠴᠦᠯᠡᠨ ᠥᠷᠭᠡᠳᠬᠡᠵᠦ᠂ ᠨᠥᠭᠡᠴᠡ ᠡᠨᠧᠷᠭᠢ᠂ ᠨᠡᠪᠲᠡᠷᠡᠬᠦ ᠵᠠᠮ᠂ ᠠᠬᠤᠢ ᠲᠠᠯᠠᠪᠠᠶ ᠶᠢᠨ ᠬᠡᠷᠡᠭᠯᠡᠭᠡ | ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠦᠭᠵᠢᠷᠡᠯ ᠢ ᠨᠠᠪᠲᠠᠷᠡᠭᠦᠯᠵᠦ᠂ ᠰᠢᠨ᠎ᠡ ᠡᠨᠧᠷᠭᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠪᠠᠭᠤᠯᠢᠭ ᠢᠶᠠᠨ ᠨᠠᠩ ᠰᠢᠯᠢᠳᠡᠭᠵᠢᠭᠦᠯᠬᠦ ᠪᠠᠷ ᠴᠢᠷᠮᠠᠶᠢᠬᠤ ᠬᠡᠷᠡᠭᠲᠡᠢ | ᠃ ᠳᠤᠲᠠᠭᠤᠳᠠᠯ ᠢᠶᠠᠨ ᠨᠥᠬᠦᠪᠦᠷᠢᠯᠡᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ ᠣᠨᠣᠴᠠᠲᠠᠢ ᠠᠷᠭ᠎ᠠ | ᠪᠣᠳᠣᠯᠭ᠎ᠠ ᠬᠡᠷᠡᠭᠵᠢᠭᠦᠯᠦᠨ᠂ ᠨᠡᠭᠦᠷᠡᠰᠦᠨ ᠤ ᠭᠠᠳᠠᠭᠠᠳᠤ ᠣᠷᠣᠭᠤᠯᠤᠯᠲᠠ ᠶᠢᠨ ᠪᠠᠭᠤᠷᠠᠯᠲᠠ ᠶᠢ ᠪᠦᠲᠦᠮᠵᠢᠲᠡᠢ | ᠠᠷᠭᠠᠴᠠᠭᠠᠵᠤ᠂ ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠨ᠂ ᠮᠥᠩᠭᠦᠨ ᠭᠦᠢᠯᠭᠡᠭᠡᠨ ᠤ ᠦᠢᠯᠡᠰ ᠤᠨ ᠲᠦᠷᠭᠡᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠲᠦᠷᠭᠡᠨ | ᠲᠥᠯᠥᠪᠵᠢᠭᠦᠯᠦᠨ ᠠᠬᠢᠭᠤᠯᠵᠤ᠂ ᠣᠶᠢᠷ᠎ᠠ ᠣᠭᠲᠠᠷᠭᠤᠢ ᠶᠢᠨ ᠠᠵᠤ ᠠᠬᠤᠢ᠂ ᠨᠣᠭᠤᠭᠠᠨ ᠤᠰᠤᠲᠥ᠋ᠷᠥᠭᠴᠢ | ᠨᠣᠭᠤᠭᠠᠨ ᠰᠢᠪᠲᠦᠷ᠂ ᠪᠣᠳᠣᠯᠲᠠ ᠶᠢᠨ ᠴᠢᠳᠠᠪᠤᠷᠢ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠬᠤᠷᠢᠶᠠᠨ ᠠᠪᠴᠤ | ᠠᠰᠢᠭᠯᠠᠬᠤ ᠵᠡᠷᠭᠡ ᠬᠦᠷᠢᠶᠡᠨ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ | ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ᠮᠠᠰᠢᠨ ᠲᠥᠬᠦᠭᠡᠷᠦᠮᠵᠢ ᠶᠢ ᠶᠡᠭᠡ ᠪᠠᠷ ᠳᠡᠯᠭᠡᠷᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠭᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ | ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠ ᠠᠶᠤᠯᠭᠦᠢ ᠦᠢᠯᠡᠳᠪᠦᠷᠢᠯᠡᠯ ᠤᠨ | ᠠᠵᠢᠯ ᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠤᠳᠤᠷᠢᠳᠬᠤ ᠨᠥᠬᠦᠳ ᠤᠨ ᠡᠭᠦᠷᠭᠡ ᠬᠤᠪᠢᠶᠠᠵᠤ | ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ | ᠠᠰᠠᠭᠤᠳᠠᠯ ᠤᠨ ᠳᠤᠮᠳᠠ ᠪᠠᠨ ᠰᠡᠳᠬᠢᠮᠵᠢ ᠶᠢ ᠰᠦᠪᠡᠭᠴᠢᠯᠡᠵᠦ᠂ ᠵᠠᠬ᠎ᠠ ᠳᠡᠯᠭᠡᠭᠦᠷ ᠠᠴᠠ ᠠᠷᠭ᠎ᠠ ᠡᠷᠢᠵᠦ᠂ ᠶᠠᠮᠠᠷ | ᠠᠰᠠᠭᠤᠳᠠᠯ ᠲᠣᠪᠤᠶᠢᠮ᠎ᠠ ᠪᠠᠶᠢᠪᠠᠯ ᠲᠡᠭᠦᠨ ᠢ ᠰᠠᠶᠢᠵᠢᠷᠠᠭᠤᠯᠵᠤ᠂ ᠶᠠᠮᠠᠷ ᠠᠷᠭ᠎ᠠ ᠲᠤᠰᠠᠲᠠᠢ ᠪᠠᠶᠢᠪᠠᠯ ᠲᠡᠭᠦᠨ ᠢ | ᠬᠡᠷᠡᠭᠯᠡᠵᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠵᠠᠮ ᠬᠠᠷᠢᠯᠴᠠᠭ᠎ᠠ᠂ ᠠᠷᠠᠯᠵᠢᠶ᠎ᠠ ᠬᠤᠳᠠᠯᠳᠤᠭ᠎ᠠ᠂ | ᠳ᠋ᠠᠶᠢᠲ᠋ᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ ︾ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |