ᠡᠵᠡᠨ᠎ᠡ ᠶᠢᠨ ᠳ᠋ᠦᠩᠹᠧᠩ ᠪᠠᠭᠤᠯᠲᠠ ᠶᠢᠨ ᠲᠠᠯᠠᠪᠠᠢ ᠪᠡᠯᠡᠳᠬᠡᠯ ᠢᠶᠠᠨ ᠰᠠᠶᠢᠲᠤᠷ ᠬᠢᠵᠦ ᠪᠠᠭᠠᠳᠤᠷ ᠰᠠᠨᠰᠠᠷᠴᠢᠤᠨ ᠢᠶᠠᠨ ᠤᠭᠲᠤᠬᠤ ᠳᠤ ᠪᠡᠯᠡᠬᠡᠨ ᠪᠤᠯᠤᠯ᠎ᠠ
ᠨᠡᠶᠢᠲᠡᠯᠡᠭᠰᠡᠨ ᠴᠠᠭ᠄
2025/4/29
   4 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠠᠶᠢᠷᠢᠯᠠᠭ᠎ᠠ ᠳ᠋ᠦᠩᠹᠧᠩ ᠪᠠᠭᠤᠯᠲᠠ ᠶᠢᠨ ᠲᠠᠯᠠᠪᠠᠢ ᠳᠤ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠭᠦ ᠣᠩᠭᠤᠴᠠ ᠶᠢ ᠡᠷᠢᠨ ᠠᠪᠤᠷᠠᠵᠤ ᠪᠤᠴᠠᠭᠠᠨ ᠠᠪᠬᠤ ᠡᠭᠦᠷᠭᠡ ᠶᠢᠨ ᠲᠠᠶᠢᠯᠠᠯᠳᠤᠭᠠᠨ ᠤ ᠡᠮᠦᠨᠡᠬᠢ ᠲᠠᠩᠭᠠᠷᠢᠭᠯᠠᠬᠤ ᠶᠡᠭᠡ ᠬᠤᠷᠠᠯ ᠬᠢᠵᠦ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠭᠦ ᠣᠩᠭᠤᠴᠠ ᠶᠢ ᠡᠷᠢᠵᠦ ᠠᠪᠤᠷᠠᠬᠤ ᠪᠠ ᠪᠤᠴᠠᠭᠠᠨ ᠠᠪᠬᠤ ᠡᠭᠦᠷᠭᠡ ᠶᠢᠨ ᠲᠠᠭᠠᠷᠢᠯᠳᠠ ᠶᠢᠨ ᠪᠦᠷᠢᠶ᠎ᠡ ᠶᠢ ᠬᠠᠩᠭᠢᠨᠠᠭᠤᠯᠪᠠ᠃    ᠲᠠᠩᠭᠠᠷᠢᠭᠯᠠᠬᠤ ᠬᠤᠷᠠᠯ ᠳᠡᠭᠡᠷ᠎ᠡ᠂ ᠠᠭᠠᠷ ᠤᠨ ᠬᠤᠪᠢᠶᠠᠷᠢ ᠠᠩᠭᠢ᠂ ᠭᠠᠵᠠᠷ ᠳᠡᠭᠡᠷᠡᠬᠢ ᠬᠤᠪᠢᠶᠠᠷᠢ ᠠᠩᠭᠢ᠂ ᠡᠵᠡᠨ᠎ᠡ ᠬᠤᠰᠢᠭᠤᠨ ᠤ ᠡᠷᠦᠬᠡ ᠶᠢᠨ ᠴᠡᠷᠢᠭ ᠤᠨ ᠬᠤᠪᠢᠶᠠᠷᠢ ᠠᠩᠭᠢ ᠳᠡᠰ ᠳᠠᠷᠠᠭ᠎ᠠ ᠲᠠᠢ ᠪᠠᠷ ᠲᠥᠯᠥᠭᠡᠯᠡᠭᠴᠢ ᠲᠣᠮᠢᠯᠠᠨ ᠲᠠᠶᠢᠰᠠᠨ ᠳᠤ ᠭᠠᠷᠴᠤ ᠵᠤᠷᠢᠭ ᠢᠶᠠᠨ ᠢᠯᠡᠳᠭᠡᠪᠡ᠃ ᠡᠭᠦᠨ ᠤ ᠬᠠᠮᠲᠤ᠂ ᠲᠤᠷᠰᠢᠯᠲᠠ ᠳᠤ ᠣᠷᠣᠯᠴᠠᠭᠰᠠᠨ ᠬᠥᠮᠦᠰ ᠤᠨ ᠲᠡᠮᠡᠴᠡᠯ ᠤᠨ ᠵᠣᠷᠢᠭ ᠢ ᠤᠯᠠᠮ ᠬᠥᠭᠵᠢᠭᠡᠵᠦ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠶᠢᠨ ᠲᠥᠯᠥᠭᠡ ᠪᠠᠰᠠ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠭᠦ ᠣᠩᠭᠤᠴᠠ ᠶᠢ ᠡᠷᠢᠵᠦ ᠠᠪᠤᠷᠬᠠᠤ ᠬᠤᠰᠢᠭᠤᠴᠢ ᠴᠡᠷᠢᠭ ᠢ ᠬᠥᠬᠢᠭᠦᠯᠦᠨ ᠰᠠᠶᠢᠰᠢᠶᠠᠪᠠ᠃ ᠡᠨᠡ ᠪᠣᠯ ᠳ᠋ᠦᠩᠹᠧᠩ ᠪᠠᠭᠤᠯᠲᠠ ᠶᠢᠨ ᠲᠠᠯᠠᠪᠠᠶ ᠶᠢᠨ ᠬᠢᠨ ᠨᠠᠢᠮᠠᠳᠤᠭᠠᠷ ᠤᠳᠠᠭ᠎ᠠ ᠬᠥᠮᠦᠨ ᠰᠠᠭᠤᠯᠭᠠᠭᠰᠠᠨ ᠰᠠᠨᠰᠠᠷ ᠤᠨ ᠣᠩᠭᠤᠴᠠ ᠶᠢ ᠡᠷᠢᠵᠦ ᠠᠪᠤᠷᠠᠬᠤ ᠪᠣᠯᠤᠨ ᠰᠠᠨᠰᠠᠷᠴᠢᠳ ᠢ ᠠᠪᠤᠷᠠᠨ ᠲᠤᠰᠠᠯᠠᠬᠤ ᠡᠭᠦᠷᠭᠡ ᠭᠦᠢᠴᠡᠳᠭᠡᠵᠦ ᠪᠠᠶᠢᠭ᠎ᠠ ᠶᠠᠪᠤᠳᠠᠯ ᠪᠣᠯᠤᠨ᠎ᠠ᠂ ᠣᠳᠣᠬᠠᠨ ᠳᠤ ᠪᠠᠭᠤᠯᠲᠠ ᠶᠢᠨ ᠲᠠᠯᠠᠪᠠᠶ ᠵᠢᠴᠢ ᠡᠯ᠎ᠡ ᠲᠤᠷᠰᠢᠯᠲᠠ ᠳᠤ ᠤᠷᠤᠯᠴᠠᠬᠤ ᠰᠢᠰᠲ᠋ᠧᠮ ᠰᠠᠨᠰᠠᠷᠴᠢᠳ ᠢ ᠤᠭᠲᠤᠬᠤ ᠡᠯ᠎ᠡ ᠲᠠᠯ᠎ᠠ ᠶᠢᠨ ᠪᠡᠯᠡᠳᠭᠡᠯ ᠠᠵᠢᠯ ᠢᠶᠠᠨ ᠠᠮᠵᠢᠭᠤᠯᠤᠨ ᠰᠠᠶᠢᠲᠤᠷ ᠬᠢᠵᠦ ᠪᠠᠶᠢᠨ᠎ᠠ᠃    ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠠᠯᠪᠠᠨ ᠭᠡᠷ ᠤᠨ ᠮᠡᠳᠡᠭᠡ ᠶᠢ ᠦᠨᠳᠦᠰᠦᠯᠡᠪᠡᠯ᠂ 4 ᠰᠠᠷ᠎ᠠ ᠶᠢᠨ 27 ᠤ ᠡᠳᠦᠷ᠂ ᠬᠤᠪᠢᠯᠭᠠᠨ ᠣᠩᠭᠤᠴᠠ ᠠᠷᠪᠠ ᠶᠢᠰᠦᠳᠦᠭᠡᠷ᠂ ᠬᠤᠪᠢᠯᠭᠠᠨ ᠣᠩᠭᠤᠴᠠ ᠬᠤᠷᠢᠳᠤᠭᠠᠷ ᠤᠨ ᠰᠠᠨᠰᠠᠷᠴᠢᠨ ᠤ ᠳᠤᠭᠤᠶᠢᠯᠠᠩ ᠲᠤᠰᠢᠶᠠᠨ ᠦᠭᠴᠤ ᠬᠦᠯᠢᠶᠡᠨ ᠠᠪᠬᠤ ᠶᠣᠰᠣᠯᠠᠯ ᠶᠠᠪᠤᠭᠤᠯᠵᠤ᠂ ᠳᠤᠮᠳᠠᠳᠤ ᠤᠯᠤᠰ ᠤᠨ ᠣᠭᠲᠠᠷᠭᠤᠢ ᠶᠢᠨ ᠦᠷᠲᠡᠭᠡ ᠶᠢᠨ ᠲᠦᠯᠬᠢᠭᠦᠷ ᠢ ᠲᠠᠮᠵᠢᠭᠤᠯᠪᠠ᠃ ᠣᠳᠣᠬᠠᠨ ᠪᠣᠯᠲᠠᠯ᠎ᠠ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠰᠠᠨᠰᠠᠷᠴᠢᠨ ᠤ ᠳᠤᠭᠤᠶᠢᠯᠠᠩ ᠨᠢᠭᠡᠨᠲᠡ ᠲᠣᠭᠲᠠᠭᠰᠠᠨ ᠡᠭᠦᠷᠭᠡ ᠪᠠᠨ ᠪᠦᠬᠦᠨ ᠢ ᠪᠡᠶᠡᠯᠡᠭᠦᠯᠥᠭᠰᠡᠨ ᠪᠥᠭᠡᠤᠨ 4 ᠰᠠᠷ᠎ᠠ ᠶᠢᠨ 29 ᠤ ᠡᠳᠦᠷ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠭᠦ ᠣᠩᠭᠤᠴᠠᠨ ᠳᠤ ᠰᠠᠭᠤᠵᠤ ᠳ᠋ᠦᠩᠹᠧᠩ ᠪᠠᠭᠤᠯᠲᠠ ᠶᠢᠨ ᠲᠠᠯᠠᠪᠠᠶ ᠳᠤ ᠪᠤᠴᠠᠵᠤ ᠢᠷᠡᠬᠦ ᠪᠣᠯᠤᠨ᠎ᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号