4 ᠰᠠᠷ᠎ᠠ ᠶᠢᠨ 25 ᠤ ᠡᠳᠦᠷ᠂ ᠤᠯᠤᠰ ᠤᠨ ᠡᠨᠧᠷᠭᠢ ᠶᠢᠨ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠱᠠᠩ | ᠸᠠᠨ ᠨᠡᠭᠦᠷᠡᠰᠦᠨ ᠠᠭᠤᠷᠬᠠᠶ ᠶᠢᠨ 100 ᠭᠠᠷᠤᠶ ᠮᠧᠳ᠋ᠷ ᠭᠦᠨ ᠠᠭᠤᠷᠬᠠᠶ ᠶᠢᠨ ᠬᠤᠳᠳᠤᠭ ᠳᠣᠲᠣᠷ᠎ᠠ᠂ ᠤᠨᠴᠠ | ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ | ᠲᠠᠯᠠᠪᠤᠷ ᠤᠨ ᠨᠡᠭᠦᠷᠡᠰᠦ ᠮᠠᠯᠲᠠᠬᠤ ᠮᠠᠰᠢᠨ ᠶᠠᠭ ᠪᠦᠬᠦ ᠬᠦᠴᠦᠨ ᠢᠶᠠᠷ ᠢᠶᠠᠨ ᠠᠵᠢᠯᠯᠠᠵᠦ ᠪᠠᠶᠢᠪᠠ᠃ ᠱᠠᠩ ᠸᠠᠨ | ᠨᠡᠭᠦᠷᠡᠰᠦᠨ ᠠᠭᠤᠷᠬᠠᠶ ᠶᠢᠨ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠭᠢ ᠶᠢᠨ ᠦᠢᠯᠡᠳᠪᠦᠷᠢᠯᠡᠯ ᠤᠨ | ᠨᠢᠭᠡᠳᠦᠭᠡᠷ ᠲᠤᠭᠤᠶᠢᠯᠡᠩ ᠤᠨ ᠳᠠᠷᠤᠭ᠎ᠠ ᠪᠥᠭᠡᠳ ᠨᠡᠭᠦᠷᠡᠰᠦ ᠮᠠᠯᠲᠠᠬᠤ ᠮᠠᠰᠢᠨ ᠤ ᠵᠢᠯᠣᠭᠤᠴᠢ ᠬᠣ ᠶᠦᠩ ᠭᠠᠩ | ᠬᠠᠮᠲᠤ ᠠᠵᠢᠯᠲᠠᠨ ᠲᠠᠢ ᠪᠠᠨ ᠮᠠᠯᠲᠠᠵᠤ ᠭᠠᠷᠭᠠᠭᠰᠠᠨ ᠨᠡᠭᠦᠷᠡᠰᠦ ᠶᠢ ᠲᠠᠮᠵᠢᠭᠤᠯᠬᠤ ᠮᠠᠰᠢᠨ ᠢᠶᠠᠷ ᠭᠠᠳᠠᠭᠰᠢ ᠬᠦᠷᠭᠡᠨ᠎ᠡ | ᠁ | ᠡᠨᠡ ᠵᠢᠯ 36 ᠨᠠᠰᠤᠲᠠᠢ ᠬᠣ ᠶᠦᠩ ᠭᠠᠩ ᠱᠠᠩ ᠸᠠᠨ ᠨᠡᠭᠦᠷᠡᠰᠦᠨ ᠠᠭᠤᠷᠬᠠᠢ ᠳᠤ ᠨᠢᠭᠡᠨᠲᠡ 15 ᠵᠢᠯ | ᠠᠵᠢᠯᠯᠠᠵᠤ᠂ ᠤᠷᠢᠳ ᠬᠤᠵᠢᠳ ᠨᠡᠭᠦᠷᠡᠰᠦ ᠮᠠᠯᠲᠠᠬᠤ ᠮᠠᠰᠢᠨ ᠤ ᠪᠠᠶᠢᠴᠠᠭᠠᠨ ᠵᠠᠰᠠᠬᠤ ᠠᠵᠢᠯᠲᠠᠨ ᠵᠡᠷᠭᠡ ᠠᠵᠢᠯ | ᠬᠢᠵᠦ᠂ ᠤᠳᠤ ᠬᠤᠳᠳᠤᠭ ᠲᠤᠳᠤᠷ᠎ᠠ ᠨᠡᠭᠦᠷᠡᠰᠦ ᠮᠠᠯᠲᠠᠬᠤ ᠮᠠᠰᠢᠨ ᠢ ᠡᠵᠡᠮᠳᠡᠨ ᠦᠢᠯᠡᠳᠪᠦᠷᠢᠯᠡᠯ ᠢᠶᠠᠨ ᠵᠣᠬᠢᠶᠠᠨ | ᠪᠠᠶᠢᠭᠤᠯᠬᠤ ᠨᠢ ᠲᠡᠭᠦᠨ ᠤ ᠡᠳᠦᠷ ᠳᠤᠳᠤᠮ ᠤᠨ ᠠᠵᠢᠯ ᠪᠣᠯᠤᠨ᠎ᠠ᠃ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠩᠬᠢ ᠶᠢᠨ ︽ᠲᠡᠮᠦᠷ ᠴᠡᠷᠢᠭ ︾ ᠤᠨ ᠨᠢᠭᠡ ᠭᠡᠰᠢᠭᠦᠨ | ᠪᠣᠯᠤᠭᠰᠠᠨ ᠤ ᠬᠤᠪᠢ ᠳᠤ᠂ ᠲᠡᠷᠡ ᠨᠡᠭᠦᠷᠡᠰᠦᠨ ᠠᠭᠤᠷᠬᠠᠢ ᠶᠢᠨ ᠴᠢᠬᠤᠯᠠ ᠶᠡᠭᠡ ᠪᠣᠭᠤᠮᠲᠠ ᠰᠢᠪᠲᠤᠯᠬᠤ ᠡᠭᠦᠷᠭᠡ ᠶᠢ | ᠤᠯᠠᠨ ᠤᠳᠠᠭ᠎ᠠ ᠡᠭᠦᠷᠭᠡᠯᠡᠭᠰᠡᠨ ᠪᠥᠭᠡᠳ ᠰᠢᠨ᠎ᠡ ᠶᠢ ᠡᠭᠦᠳᠬᠦ ᠰᠡᠳᠭᠢᠬᠦᠢ ᠪᠠᠷ ᠠᠵᠢᠯ ᠤᠨ ᠳᠤᠮᠳᠠᠬᠢ ᠬᠦᠴᠢᠷ | ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠬᠥᠳᠡᠯᠮᠦᠷᠢᠴᠢᠳ ᠤᠨ ᠤᠶᠤᠨ ᠤᠬᠠᠭᠠᠨ ᠪᠠ | ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ | 2018 ᠣᠨ ᠤ 3 ᠰᠠᠷ᠎ᠠ ᠳᠤ᠂ ᠤᠯᠤᠰ ᠤᠨ ᠡᠨᠧᠷᠭᠢ ᠶᠢᠨ ᠪᠡᠯᠨ ᠤᠷᠤᠭᠤᠯᠤᠯᠳᠠ ᠶᠢᠨ ᠪᠥᠯᠥᠭᠯᠡᠯ ᠤᠨ ᠱᠧᠨ | ᠳ᠋ᠦᠩ ᠨᠡᠭᠦᠷᠡᠰᠦᠨ ᠤ ᠪᠦᠯᠦᠭᠯᠡᠯ ᠤᠨ ᠱᠠᠩ ᠸᠠᠨ ᠨᠡᠭᠦᠷᠡᠰᠦᠨ ᠠᠭᠤᠷᠬᠠᠢ ᠳᠤ ᠳᠡᠯᠡᠬᠡᠢ ᠶᠢᠨ ᠠᠩᠬᠠᠳᠠᠭᠴᠢ 8.8 | ᠮᠧᠳ᠋ᠷ ᠤᠨ ᠤᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠣᠶᠤᠨᠴᠢ ᠶᠡᠷᠦᠩᠬᠡᠶᠢᠯᠡᠭᠰᠡᠨ ᠨᠡᠭᠦᠷᠡᠰᠦ | ᠮᠠᠯᠲᠠᠬᠤ ᠠᠵᠢᠯ ᠤᠨ ᠲᠠᠯᠠᠪᠤᠷ ᠢ ᠪᠠᠶᠢᠭᠤᠯᠵᠤ᠂ ᠬᠣ ᠶᠦᠩ ᠭᠠᠩ ᠤᠨ ᠪᠠᠶᠢᠭ᠎ᠠ ᠶᠡᠷᠦᠩᠬᠡᠶᠢᠯᠡᠭᠰᠡᠨ ᠨᠡᠭᠦᠷᠡᠰᠦ | ᠮᠠᠯᠲᠠᠬᠤ ᠨᠢᠭᠡᠳᠦᠭᠡᠷ ᠠᠩᠬᠢ ᠳᠤ ᠨᠡᠭᠦᠷᠡᠰᠦ ᠮᠠᠯᠲᠠᠬᠤ ᠡᠭᠦᠷᠭᠡ ᠶᠢ ᠲᠤᠰᠢᠶᠠᠨ ᠦᠭᠪᠠ᠃ ᠲᠣᠨᠤᠭ ᠲᠥᠬᠦᠭᠡᠷᠦᠮᠵᠢ | ᠤᠭᠰᠠᠷᠠᠬᠤ ᠡᠬᠢᠨ ᠤ ᠬᠤᠭᠤᠴᠠᠭᠠᠨ ᠳᠤ ᠠᠯᠢ ᠣᠯᠠᠨ ᠬᠦᠴᠢᠷ ᠠᠰᠠᠭᠤᠳᠠᠯ ᠤᠨ ᠡᠮᠦᠨ᠎ᠡ᠂ ᠡᠭᠡᠯᠵᠢ | ᠲᠤᠭᠤᠶᠢᠯᠠᠩ ᠤᠨ ᠳᠠᠷᠤᠭ᠎ᠠ ᠪᠤᠯᠤᠭᠰᠠᠨ ᠬᠣ ᠶᠦᠩ ᠭᠠᠩ ᠪᠦᠷᠢᠯᠳᠦᠬᠦᠨ ᠢᠶᠠᠨ ᠳᠠᠭᠠᠭᠤᠯᠤᠨ᠂ ᠡᠯ᠎ᠡ ᠵᠦᠢᠯ ᠤᠨ | ᠬᠦᠴᠢᠷ ᠲᠦᠪᠡᠭᠲᠡᠶ ᠠᠰᠠᠭᠤᠳᠠᠯ ᠤᠨ ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠬᠢᠪᠠ᠃ ᠲᠡᠷᠡ | ᠠᠮᠤᠷ ᠲᠦᠪᠰᠢᠨ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ | ᠵᠡᠷᠭᠡ ᠲᠠᠯ᠎ᠠ ᠠᠴᠠ ᠭᠠᠷᠳᠠᠵᠦ᠂ ᠤᠷᠢᠳ ᠬᠤᠵᠢᠳ 133 ᠵᠦᠢᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ | 141 ᠵᠦᠢᠯ ᠤᠨ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠢᠯᠭᠠᠨ ᠲᠠᠨᠢᠬᠤ᠂ 159 ᠵᠦᠢᠯ ᠤᠨ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠤ ᠣᠷᠣᠯᠴᠠᠵᠤ᠂ ᠪᠠᠷᠢᠯᠭ᠎ᠠ ᠶᠢᠨ ᠶᠠᠰᠤ ᠴᠢᠨᠠᠷ ᠢ ᠡᠵᠡᠮᠳᠡᠬᠦ᠂ | ᠠᠭᠤᠷᠬᠠᠢ ᠶᠢᠨ ᠨᠤᠷᠠᠬᠤ ᠶᠢ ᠰᠡᠷᠭᠡᠶᠢᠯᠡᠬᠦ᠂ ᠥᠨᠳᠥᠷ ᠲᠤ ᠭᠠᠷᠴᠤ ᠠᠵᠢᠯᠯᠠᠬᠤ᠂ ᠲᠣᠨᠤᠭ ᠲᠥᠬᠦᠭᠡᠷᠦᠮᠵᠢ | ᠳᠤᠲᠠᠭᠳᠠᠵᠤ ᠪᠠᠶᠢᠬᠤ ᠠᠰᠠᠭᠤᠳᠠᠯ ᠢ ᠠᠷᠢᠯᠭᠠᠬᠤ ᠵᠡᠷᠭᠡ ᠲᠠᠯ᠎ᠠ ᠶᠢᠨ 50 ᠭᠠᠷᠤᠶ ᠵᠦᠢᠯ ᠤᠨ ᠠᠷᠭ᠎ᠠ ᠬᠡᠮᠵᠢᠶ᠎ᠡ ᠶᠢ | ᠲᠣᠭᠲᠠᠭᠠᠬᠤ ᠳᠤ ᠣᠷᠣᠯᠴᠠᠵᠤ᠂ ᠨᠡᠶᠢᠲᠡ 30 ᠭᠠᠷᠤᠶ ᠵᠦᠢᠯ ᠤᠨ ᠵᠢᠵᠢᠭ ᠥᠭᠡᠷᠡᠴᠢᠯᠡᠯᠲᠡ ᠬᠢᠵᠦ᠂ ᠳᠡᠯᠡᠬᠡᠶ ᠶᠢᠨ | ᠲᠡᠷᠢᠭᠦᠨ ᠤ ᠤᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠶᠢᠨ ᠠᠮᠤᠷ ᠲᠦᠪᠰᠢᠨ ᠥᠨᠳᠥᠷ | ᠪᠦᠲᠦᠮᠵᠢᠲᠡᠶ ᠪᠤᠴᠠᠭᠠᠨ ᠮᠠᠯᠲᠠᠬᠤ ᠤᠷ᠎ᠠ ᠮᠡᠷᠭᠡᠰᠢᠯ ᠳᠤ ᠳᠠᠬᠢᠨ ᠲᠣᠮᠢᠶᠠᠯᠠᠯ ᠬᠢᠵᠡᠶ᠃ | ︽ᠨᠡᠭᠦᠷᠡᠰᠦᠨ ᠳᠠᠪᠬᠤᠷᠭ᠎ᠠ ᠶᠢ ᠮᠠᠯᠳᠠᠬᠤ ᠠᠵᠢᠯ ᠳᠤ ᠠᠩᠬ᠎ᠠ ᠤᠷᠤᠯᠴᠠᠬᠤ ᠳᠠᠭᠠᠨ᠂ 225 ᠲᠣᠨ ᠬᠦᠨᠳᠦ᠂ | ᠥᠩᠬᠦᠷᠢᠭᠦᠯ ᠤᠨ ᠳ᠋ᠢᠶᠠᠮᠧᠳ᠋ᠷ ᠨᠢ 4.3 ᠮᠧᠳ᠋ᠷ ᠬᠦᠷᠬᠦ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠪᠠ | ᠰᠠᠭᠤᠷᠢ ᠬᠠᠪᠲᠠᠰᠤ ᠶᠢ ᠡᠵᠡᠮᠰᠢᠬᠦ ᠬᠠᠲᠠᠭᠤ ᠱᠠᠭᠠᠷᠳᠠᠯᠭ᠎ᠠ ᠶᠢ ᠬᠠᠷᠠᠭᠠᠳ᠂ ᠪᠢ ᠳᠤᠲᠤᠷ᠎ᠠ ᠪᠠᠨ ᠪᠠᠰᠠ ᠲᠤᠭ᠎ᠠ | ᠦᠭᠡᠢ ᠪᠠᠶᠢᠪᠠ ︾᠃ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠤ ︽ᠠᠷᠠᠨᠰᠢᠨ ︾ ᠢ ᠣᠶᠢᠯᠠᠭᠠᠵᠤ᠂ | ᠥᠩᠬᠦᠷᠢᠭᠦᠯ ᠤᠨ ᠠᠵᠢᠯᠯᠠᠬᠤ ᠤᠷ᠎ᠠ ᠮᠡᠷᠭᠡᠵᠢᠯ ᠢ ᠡᠵᠡᠮᠰᠢᠬᠦ ᠶᠢᠨ ᠲᠥᠯᠥᠭᠡ᠂ ᠬᠤ ᠶᠦᠩ ᠭᠠᠩ ᠲᠠᠰ ᠠᠴᠠ | ᠳᠠᠪᠠᠭᠰᠠᠨ ᠨᠡᠭᠦᠷᠡᠰᠦ ᠮᠠᠯᠲᠠᠬᠤ ᠮᠠᠰᠢᠨ ᠤ ᠪᠦᠲᠦᠴᠡ᠂ ᠠᠵᠢᠯᠯᠠᠭᠠᠨ ᠤ ᠤᠭ ᠶᠣᠰᠣ ᠶᠢ ᠰᠤᠷᠤᠯᠴᠠᠬᠤ ᠶᠢ | ᠪᠠᠷᠢᠮᠲᠠᠯᠠᠵᠤ᠂ ᠠᠳᠠᠯᠢ ᠪᠤᠰᠤ ᠠᠵᠢᠯᠯᠠᠬᠤ ᠬᠡᠮᠵᠢᠶ᠎ᠡ ᠲᠠᠢ ᠨᠡᠭᠦᠷᠡᠰᠦ ᠮᠠᠯᠲᠠᠬᠤ ᠮᠠᠰᠢᠨ ᠤ ᠨᠡᠭᠦᠷᠡᠰᠦ ᠮᠠᠯᠳᠠᠬᠤ | ᠪᠠᠶᠢᠳᠠᠯ ᠢ ᠳᠠᠭᠤᠷᠢᠶᠠᠨ ᠵᠠᠳᠠᠯᠵᠤ᠂ ᠲᠤᠬᠠᠢ ᠶᠢᠨ ᠲᠠᠯᠠᠪᠠᠢ ᠳᠤ ᠵᠠᠭᠤ ᠭᠠᠷᠤᠢ ᠤᠳᠠᠭ᠎ᠠ ᠳᠠᠬᠢᠨ ᠳᠠᠪᠲᠠᠨ ᠲᠤᠷᠰᠢᠯᠲᠠ | ᠬᠢᠵᠦ᠂ ᠡᠴᠦᠰ ᠲᠡᠭᠡᠨ ᠥᠩᠬᠦᠷᠢᠭᠦᠯ ᠤᠨ ᠠᠵᠢᠯᠯᠠᠬᠤ ᠬᠡᠮᠵᠢᠶ᠎ᠡ ᠶᠢ 5 ᠰᠠᠨᠲ᠋ᠢᠮᠧᠳ᠋ᠷ ᠤᠨ ᠳᠣᠲᠣᠷ᠎ᠠ ᠬᠢᠵᠠᠭᠠᠷᠯᠠᠬᠤ ᠶᠢ | ᠪᠡᠶᠡᠯᠡᠭᠦᠯᠵᠡᠢ᠂ ᠡᠶᠢᠨᠬᠦ ᠲᠡᠷᠡ ᠪᠠᠰᠠ ︽ᠤᠯᠠᠨ ᠲᠠᠯ᠎ᠠ ᠳᠤ ᠴᠠᠭᠠᠷᠠᠭᠰᠠᠨ ᠵᠢᠯᠣᠭᠤᠴᠢ ︾ ᠬᠡᠮᠡᠭᠳᠡᠪᠡ᠃ | ᠡᠨᠡ ᠬᠦ ︽ᠲᠠᠰ ᠠᠴᠠ ᠳᠠᠪᠠᠭᠰᠠᠨ ᠢᠨᠵᠧᠨᠧᠷᠢᠩ ︾ ᠨᠢ 97 ᠡᠳᠦᠷ ᠤᠨ ᠳᠠᠬᠢᠨ ᠳᠠᠪᠲᠠᠨ ᠬᠢᠭᠰᠡᠨ | ᠲᠤᠷᠰᠢᠯᠲᠠ ᠪᠠᠷ ᠲᠠᠮᠵᠢᠨ᠂ 2018 ᠣᠨ ᠤ 6 ᠰᠠᠷ᠎ᠠ ᠳᠤ ᠵᠢᠩᠬᠢᠨᠢ ᠪᠠᠷ ᠦᠢᠯᠡᠳᠪᠦᠷᠢᠯᠡᠯ ᠢᠶᠠᠨ ᠡᠬᠢᠯᠡᠭᠦᠯᠬᠦ ᠶᠢᠨ | ᠬᠠᠮᠲᠤ ᠤᠳᠠᠯ ᠦᠭᠡᠢ ᠡᠳᠦᠷ ᠲᠤ ᠬᠠᠮᠤᠭ ᠤᠨ ᠶᠡᠭᠡ ᠳᠡᠭᠡᠨ 6.02 ᠲᠦᠮᠡᠨ ᠲᠣᠨ᠂ ᠰᠠᠷ᠎ᠠ ᠳᠤ ᠬᠠᠮᠤᠭ ᠤᠨ | ᠶᠡᠭᠡ ᠳᠡᠭᠡᠨ 146 ᠲᠦᠮᠡᠨ ᠲᠣᠨ ᠨᠡᠭᠦᠷᠠᠰᠤ ᠮᠠᠯᠳᠠᠭᠰᠠᠨ ᠳᠡᠯᠡᠬᠡᠶ ᠶᠢᠨ ᠲᠡᠮᠳᠡᠭᠯᠡᠯ ᠢ ᠡᠭᠦᠳᠴᠦ᠂ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠨᠢ 10 ᠰᠠᠷ᠎ᠠ ᠰᠠᠭᠠᠳ ᠥᠬᠡᠶ ᠦᠢᠯᠡᠳᠪᠦᠷᠢᠯᠡᠬᠦ ᠶᠢ | ᠪᠡᠶᠡᠯᠡᠭᠦᠯᠪᠡ — ᠤᠤᠯ ᠤᠨ ᠪᠡᠶᠡᠯᠡᠭᠦᠯᠵᠦ ᠳᠡᠶᠢᠯᠬᠦ ᠥᠬᠡᠶ ᠭᠡᠵᠦ ᠠᠵᠢᠯ ᠲᠥᠷᠥᠯ ᠤᠨ ᠬᠢᠨ ᠤ ᠦᠵᠡᠵᠦ | ᠪᠠᠶᠢᠭᠰᠠᠨ ᠡᠨᠡ ᠬᠦ ᠬᠠᠷᠠᠯᠲᠠ ᠶᠢ ᠪᠡᠶᠡᠯᠡᠭᠦᠯᠦᠭᠰᠡᠨ ᠪᠠᠶᠢᠨ᠎ᠠ᠃ 2019 ᠣᠨ ᠤ 9 ᠰᠠᠷ᠎ᠠ ᠶᠢᠨ 4 ᠤ ᠡᠳᠦᠷ᠂ | ᠳᠡᠯᠡᠬᠡᠶ ᠳᠡᠭᠡᠷᠡᠬᠢ ᠠᠩᠬᠠᠳᠠᠭᠴᠢ ᠤᠨᠴᠠ ᠶᠡᠭᠡ ᠨᠡᠭᠦᠷᠡᠰᠦ ᠮᠠᠯᠲᠠᠬᠤ ᠬᠦᠨ ᠤ ᠬᠡᠮᠵᠢᠶ᠎ᠡ ᠶᠢᠨ ᠤᠶᠤᠨᠴᠢ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠨᠢ ᠨᠡᠶᠢᠲᠡ 1800 ᠲᠦᠮᠡᠨ ᠲᠣᠨ ᠨᠡᠭᠦᠷᠡᠰᠦ ᠶᠢ | ᠠᠮᠤᠷ ᠲᠦᠪᠰᠢᠨ ᠦᠢᠯᠡᠳᠪᠦᠷᠢᠯᠡᠭᠰᠡᠨ ᠳᠡᠯᠡᠬᠡᠶ ᠶᠢᠨ ᠲᠡᠮᠳᠡᠭᠯᠡᠯ ᠢ ᠡᠭᠦᠳᠴᠦ᠂ ᠱᠠᠩ ᠸᠠᠨ ᠨᠡᠭᠦᠷᠡᠰᠦᠨ | ᠠᠭᠤᠷᠬᠠᠶ ᠶᠢᠨ ᠨᠡᠭᠦᠷᠡᠰᠦ ᠮᠠᠯᠲᠠᠬᠰᠠᠨ ᠬᠡᠮᠵᠢᠶ᠎ᠡ ᠪᠠᠷ ᠬᠠᠮᠤᠭ ᠤᠨ ᠦᠨᠳᠦᠷ᠂ ᠠᠵᠢᠯ ᠤᠨ ᠦᠷ᠎ᠡ ᠪᠦᠲᠦᠮᠵᠢ ᠪᠠᠷ | ᠬᠠᠮᠤᠭ ᠤᠨ ᠰᠠᠶᠢᠨ᠂ ᠭᠠᠭᠴᠠ ᠬᠤᠳᠳᠤᠭ ᠲᠠᠯᠠᠪᠤᠷ ᠤᠨ ᠵᠢᠯ ᠤᠨ ᠭᠠᠷᠤᠯᠲᠠ ᠨᠢ 1600 ᠲᠦᠮᠡᠨ ᠲᠣᠨ ᠤ | ᠣᠨᠴᠠ ᠲᠠᠰ ᠤᠨ ᠠᠮᠤᠷ ᠲᠦᠪᠰᠢᠨ ᠥᠨᠳᠥᠷ ᠪᠦᠲᠦᠮᠵᠢᠲᠡᠶ ᠠᠭᠤᠷᠬᠠᠶ ᠪᠣᠯᠬᠤ ᠶᠢ ᠠᠮᠵᠢᠯᠲᠠ ᠲᠠᠢ ᠠᠬᠢᠭᠤᠯᠪᠠ᠃ | ᠡᠨᠡ ᠬᠤᠭᠤᠴᠠᠭᠠᠨ ᠳᠤ᠂ ᠬᠤ ᠶᠦᠩ ᠭᠠᠩ ᠤᠨ ᠤᠷᠤᠯᠴᠠᠵᠤ ᠨᠠᠶᠢᠷᠠᠭᠤᠯᠤᠨ ᠪᠢᠴᠢᠭᠰᠡᠨ ︽ᠬᠡᠲᠦ ᠶᠡᠭᠡ | ᠨᠡᠭᠦᠷᠡᠰᠦ ᠮᠠᠯᠳᠠᠬᠤ ᠦᠨᠳᠦᠷ ᠤᠨ ᠬᠡᠮᠵᠢᠶ᠎ᠡ ᠲᠠᠢ ᠶᠡᠷᠦᠩᠬᠡᠶᠢᠯᠡᠭᠰᠡᠨ ᠨᠡᠭᠦᠷᠡᠰᠦ ᠮᠠᠯᠳᠠᠬᠤ ᠠᠵᠢᠯ ᠤᠨ ᠳᠠᠯᠠᠪᠤᠷ ᠤᠨ | ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠮᠵᠢᠶ᠎ᠠ ︾ ᠨᠢ ᠨᠡᠭᠦᠷᠡᠰᠦᠨ ᠤ | ᠠᠵᠢᠯ ᠲᠥᠷᠥᠯ ᠤᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ᠂ ᠪᠠᠷᠢᠯᠭ᠎ᠠ ᠶᠢᠨ ᠶᠠᠰᠤ ᠴᠢᠨᠠᠷ ᠤᠨ | ᠬᠠᠮᠢᠶᠠᠷᠤᠯᠲᠠ᠂ ᠨᠠᠷᠢᠯᠢᠭ ᠪᠠᠶᠢᠴᠠᠭᠠᠨ ᠰᠡᠯᠪᠢᠬᠦ᠂ ᠰᠢᠨ᠎ᠡ ᠶᠢ ᠡᠭᠦᠳᠦᠨ ᠦᠷ᠎ᠡ ᠪᠦᠲᠦᠮᠵᠢ ᠭᠠᠷᠭᠠᠬᠤ ᠵᠡᠷᠭᠡ | ᠲᠠᠯ᠎ᠠ ᠳᠤ ᠪᠥᠬᠦ ᠲᠠᠯ᠎ᠠ ᠶᠢᠨ ᠳ᠋ᠦᠩᠨᠡᠯᠲᠡ ᠪᠠ ᠳᠡᠭᠡᠭᠰᠢᠯᠡᠬᠦᠯᠦᠯᠲᠡ ᠪᠠᠶᠢᠵᠤ᠂ ᠠᠵᠢᠯ ᠲᠥᠷᠥᠯ ᠤᠨ ᠬᠢᠨ ᠳᠡᠭᠡᠨ | ᠰᠠᠨᠠᠯ ᠨᠢᠭᠡᠳᠦᠯᠲᠡᠶ ᠨᠤᠲᠠᠯᠠᠭᠳᠠᠪᠠ᠃ 8.8 ᠮᠧᠳ᠋ᠷ ᠪᠦᠬᠦᠢ ᠤᠨᠴᠠ ᠶᠡᠭᠡ ᠨᠡᠭᠦᠷᠡᠰᠦ ᠮᠠᠯᠳᠠᠬᠤ ᠦᠨᠳᠦᠷ ᠤᠨ | ᠬᠡᠮᠵᠢᠶ᠎ᠡ ᠲᠠᠢ ᠣᠶᠤᠨᠴᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠳᠠᠯᠠᠪᠤᠷ ᠤᠨ ᠵᠢᠱᠢᠶ᠎ᠡ ᠦᠵᠡᠭᠦᠯᠬᠦ | ᠢᠨᠵᠧᠨᠧᠷᠢᠩ ᠤᠨ ᠠᠮᠵᠢᠯᠲᠠ ᠲᠠᠢ ᠦᠢᠯᠡᠳᠦᠯᠭᠡ ᠨᠢ ᠤᠨᠴᠠ ᠵᠤᠵᠠᠭᠠᠨ ᠨᠡᠭᠦᠷᠡᠰᠦᠨ ᠳᠠᠪᠬᠤᠷᠭ᠎ᠠ ᠶᠢ ᠨᠢᠭᠡ ᠯᠡ | ᠤᠳᠠᠭ᠎ᠠ ᠳᠤ ᠮᠠᠯᠲᠠᠬᠤ ᠳᠤ ᠪᠠᠶᠠᠯᠢᠭ ᠲᠤᠷᠰᠢᠯᠭ᠎ᠠ ᠬᠤᠷᠠᠮᠳᠤᠭᠤᠯᠵᠤ᠂ ᠮᠠᠨ ᠤ ᠤᠯᠤᠰ ᠤᠨ ᠨᠡᠭᠦᠷᠡᠰᠦ ᠮᠠᠯᠲᠠᠬᠤ | ᠲᠣᠨᠤᠭ ᠲᠥᠬᠦᠭᠡᠷᠦᠮᠵᠢ ᠶᠢ ᠤᠯᠤᠰ ᠲᠠᠭᠠᠨ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠪᠠ᠃ ᠡᠨᠡ ᠨᠢ ᠮᠠᠨ ᠤ | ᠤᠯᠤᠰ ᠤᠨ ᠨᠡᠭᠦᠷᠡᠰᠦ ᠮᠠᠯᠲᠠᠬᠤ ᠤᠷ᠎ᠠ ᠮᠡᠷᠭᠡᠰᠢᠯ ᠤᠨ ᠨᠠᠩ ᠥᠨᠳᠥᠷ ᠲᠦᠪᠰᠢᠨ ᠳᠤ ᠭᠦᠷᠦᠭᠰᠡᠨ ᠢ ᠬᠠᠷᠠᠭᠤᠯᠪᠠ᠃ | ᠨᠡᠭᠦᠷᠡᠰᠦᠨ ᠠᠭᠤᠷᠬᠠᠢ ᠶᠢᠨ ᠡᠮᠦᠨ᠎ᠡ ᠹᠷᠣᠨᠲ ᠲᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠪᠣᠯᠤᠨ | ᠥᠷᠢᠰᠥᠯᠳᠦᠭᠡᠨ ᠲᠠᠰᠤᠷᠠᠯᠲᠠ ᠦᠭᠡᠢ ᠭᠠᠷᠴᠤ ᠪᠠᠶᠢᠳᠠᠭ ᠪᠤᠯᠪᠠᠴᠤ ᠬᠤ ᠶᠦᠩ ᠭᠠᠩ ᠠᠬᠠᠮᠠᠳ ᠦᠶ᠎ᠡ ᠶᠢᠨ ︽ | ᠬᠥᠮᠦᠨ ᠳᠤ ᠬᠤᠶᠠᠷ ᠬᠤᠪᠢ ᠵᠠᠶᠠᠭ᠎ᠠ ᠪᠤᠢ᠂ ᠨᠢᠭᠡ ᠨᠢ ᠠᠮᠢ ᠨᠠᠰᠤ᠂ ᠨᠦᠬᠦᠭᠡ ᠨᠢ ᠡᠭᠦᠷᠭᠡ ᠬᠠᠷᠢᠭᠤᠴᠠᠯᠭ᠎ᠠ | ᠪᠤᠯᠤᠨ᠎ᠠ ︾ ᠭᠡᠬᠦ ᠰᠤᠷᠭᠠᠯ ᠢ ᠬᠡᠵᠢᠶᠠᠳᠠ ᠰᠡᠳᠬᠢᠯ ᠳᠡᠭᠡᠨ ᠪᠤᠳᠤᠵᠤ ᠶᠠᠪᠤᠳᠠᠭ᠃ ᠬᠦᠴᠢᠷ ᠪᠡᠷᠬᠡᠰᠢᠶᠡᠯ ᠲᠤᠯᠭᠠᠷᠠᠬᠤ | ᠪᠦᠷᠢ ᠲᠡᠷᠡ ᠠᠬᠠᠮᠠᠳ ᠦᠶ᠎ᠡ ᠶᠢᠨ ᠬᠢᠨ ᠤ ᠦᠭᠡ ᠶᠢ ᠪᠤᠳᠤᠵᠤ᠂ ᠰᠡᠳᠭᠢᠴᠠ ᠪᠠᠨ ᠰᠢᠨᠡᠴᠢᠯᠡᠵᠦ᠂ ᠠᠷᠭ᠎ᠠ | ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠳᠡᠭ᠃ | 2015 ᠣᠨ ᠳᠤ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠬᠢ ᠳᠤᠮᠳᠠ ᠵᠤᠵᠠᠭᠠᠨ ᠵᠦᠭᠡᠯᠡᠨ | ᠨᠡᠭᠦᠷᠡᠰᠦᠨ ᠳᠠᠪᠬᠤᠷᠭ᠎ᠠ ᠳᠤ ᠪᠧᠲ᠋ᠣᠨ ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠤ ᠮᠠᠯᠳᠠᠬᠤ ᠮᠡᠷᠭᠡᠵᠢᠯ ᠢ | ᠬᠡᠷᠡᠭᠵᠢᠭᠦᠯᠬᠦ ᠬᠦᠨᠳᠦ ᠡᠭᠦᠷᠭᠡ ᠶᠢ ᠡᠭᠦᠷᠭᠡᠯᠡᠪᠡ᠂ ᠡᠨᠡ ᠪᠣᠯ ᠱᠠᠩ ᠸᠠᠨ ᠨᠡᠭᠦᠷᠡᠰᠦᠨ ᠠᠭᠤᠷᠬᠠᠢ ᠠᠩᠬ᠎ᠠ ᠤᠳᠠᠭ᠎ᠠ | ᠳᠤᠰ ᠮᠡᠷᠭᠡᠵᠢᠯ ᠢ ᠬᠡᠷᠡᠭᠯᠡᠵᠦ ᠪᠠᠶᠢᠭ᠎ᠠ ᠶᠠᠪᠤᠳᠠᠯ ᠪᠣᠯᠤᠨ᠎ᠠ᠂ ᠮᠥᠨ ᠴᠦ ᠱᠧᠨ ᠳ᠋ᠦᠩ ᠪᠦᠯᠦᠭᠯᠡᠯ ᠠᠩᠬ᠎ᠠ ᠤᠳᠠᠭ᠎ᠠ | ᠲᠤᠷᠰᠢᠯᠲᠠ ᠶᠢᠨ ᠪᠤᠰᠤ ᠴᠢᠨᠠᠷᠲᠠᠢ ᠪᠠᠷ ᠪᠧᠲ᠋ᠣᠨ ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠦ ᠮᠠᠯᠲᠠᠵᠤ | ᠪᠠᠶᠢᠭ᠎ᠠ ᠶᠠᠪᠤᠳᠠᠯ ᠪᠣᠯᠤᠨ᠎ᠠ᠃ ᠡᠯ᠎ᠡ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠪᠠ ᠮᠡᠷᠭᠡᠵᠢᠯ ᠤᠨ ᠬᠦᠴᠢᠷ | ᠠᠰᠠᠭᠤᠳᠠᠯ ᠤᠨ ᠡᠮᠦᠨ᠎ᠡ᠂ ᠬᠤ ᠶᠦᠩ ᠭᠠᠩ ᠠᠩᠭᠢ ᠶᠢᠨ ᠳᠣᠲᠣᠭᠠᠳᠤ ᠶᠢᠨ ᠠᠵᠢᠯ ᠳᠤ ᠢᠳᠡᠪᠬᠢᠲᠡᠶ ᠬᠠᠮᠵᠢᠯᠴᠠᠵᠤ᠂ | ᠰᠡᠳᠭᠢᠯ ᠰᠢᠭᠤᠳᠤᠨ ᠰᠤᠳᠤᠯᠤᠨ ᠰᠦᠪᠡᠭᠴᠢᠯᠡᠵᠦ᠂ ᠪᠧᠲ᠋ᠣᠨ ᠴᠢᠳᠬᠤᠬᠤ ᠲᠥᠰᠦᠯ ᠢ ᠲᠣᠭᠲᠠᠭᠠᠬᠤ ᠳᠤ | ᠣᠷᠣᠯᠴᠠᠵᠤ᠂ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠤᠬᠠᠶ ᠶᠢᠨ ᠲᠠᠯᠠᠪᠠᠶ ᠶᠢᠨ ᠠᠵᠢᠯᠯᠠᠬᠤ ᠣᠷᠴᠢᠨ | ᠨᠥᠬᠦᠴᠡᠯ ᠢ ᠰᠠᠶᠢᠵᠢᠷᠠᠭᠤᠯᠤᠭᠰᠠᠨ ᠤ ᠬᠠᠮᠲᠤ ᠡᠯ᠎ᠡ ᠵᠦᠢᠯ ᠤᠨ ᠠᠵᠢᠯᠯᠠᠭ᠎ᠠ ᠶᠢ ᠰᠢᠯᠢᠳᠡᠭᠵᠢᠭᠦᠯᠬᠦ ᠰᠠᠨᠠᠭᠤᠯᠭ᠎ᠠ | ᠳᠤᠷᠠᠳᠴᠠᠶ᠃ ᠡᠴᠦᠰ ᠲᠡᠭᠡᠨ ᠪᠥᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ᠂ ᠶᠡᠷᠦᠩᠬᠡᠶᠢᠯᠡᠭᠰᠡᠨ ᠨᠡᠭᠦᠷᠡᠰᠦ | ᠮᠠᠯᠲᠠᠬᠤ ᠨᠢᠭᠡᠳᠦᠭᠡᠷ ᠠᠩᠭᠢ 3 ᠠᠵᠢᠯ ᠤᠨ ᠳᠠᠯᠠᠪᠤᠷ ᠲᠤ ᠲᠤᠰ ᠮᠡᠷᠭᠡᠵᠢᠯ ᠢ ᠠᠮᠵᠢᠯᠲᠠ ᠲᠠᠢ ᠬᠡᠷᠡᠭᠵᠢᠭᠦᠯᠵᠦ᠂ | ᠡᠳᠦᠷ ᠲᠤ 15 ᠮᠧᠳ᠋ᠷ ᠠᠬᠢᠭᠤᠯᠤᠭᠰᠠᠨ ᠲᠡᠮᠳᠡᠭᠯᠡᠯ ᠢ ᠡᠭᠦᠳᠴᠦ᠂ ᠤᠯᠤᠰ ᠤᠨ 2 ᠵᠦᠢᠯ ᠤᠨ ᠲᠤᠰᠬᠠᠶ ᠠᠰᠢᠭ ᠢ | ᠭᠤᠶᠤᠴᠢᠯᠠᠨ ᠮᠡᠳᠡᠭᠦᠯᠵᠦ᠂ ᠦᠢᠯᠡᠳᠦᠯᠭᠡ ᠶᠢᠨ ᠲᠤᠷᠰᠢᠯᠭ᠎ᠠ ᠨᠢ ᠪᠥᠬᠦ ᠤᠯᠤᠰ ᠤᠨ ᠨᠡᠭᠦᠷᠡᠰᠦᠨ ᠤ ᠠᠵᠢᠯ | ᠲᠥᠷᠥᠯ ᠤᠨ ᠭᠤᠤᠯᠳᠠᠯᠭ᠎ᠠ ᠲᠠᠢ ᠳᠡᠯᠭᠡᠷᠡᠭᠦᠯᠬᠦ ᠲᠥᠷᠥᠯ ᠵᠦᠢᠯ ᠳᠤ ᠵᠢᠭᠰᠠᠭᠠᠭᠳᠠᠪᠠ᠃ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠩᠭᠢ ᠶᠢᠨ ᠡᠭᠡᠯᠵᠢ ᠳᠤᠭᠤᠶᠢᠯᠠᠩ ᠤᠨ ᠳᠠᠷᠤᠭ᠎ᠠ ᠪᠣᠯᠤᠭᠰᠠᠨ ᠤ | ᠬᠤᠪᠢ ᠳᠤ᠂ ᠬᠤ ᠶᠦᠩ ᠭᠠᠩ ᠪᠦᠷᠢᠯᠳᠦᠭᠦᠨ ᠢᠶᠠᠨ ᠵᠤᠷᠢᠭᠵᠢᠭᠤᠯᠤᠨ ᠬᠥᠲᠥᠯᠥᠨ ᠵᠢᠯᠣᠭᠤᠳᠴᠤ ᠠᠵᠢᠯ ᠤᠨ | ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠥᠭᠡᠳ ᠪᠡᠶ᠎ᠡ ᠪᠠᠷ ᠢᠶᠠᠨ ᠬᠡᠪ | ᠲᠠᠭᠤᠷᠢᠶᠠᠯ ᠦᠵᠡᠬᠦᠯᠳᠡᠭ᠃ 2020 ᠣᠨ ᠤ ᠪᠦᠬᠦ ᠣᠷᠣᠨ ᠤ ᠨᠡᠭᠦᠷᠡᠰᠦ ᠮᠠᠯᠲᠠᠬᠤ ᠮᠠᠰᠢᠨ ᠤ ᠤᠷ᠎ᠠ | ᠮᠡᠷᠭᠡᠵᠢᠯ ᠤᠨ ᠤᠷᠤᠯᠳᠤᠭᠠᠨ ᠳᠤ ᠬᠤ ᠶᠦᠩ ᠭᠠᠩ ᠤᠷᠠᠨ ᠨᠠᠷᠢᠨ ᠮᠡᠷᠭᠡᠵᠢᠯ ᠢᠶᠠᠷ ᠢᠶᠠᠨ ᠬᠤᠶᠠᠳᠤᠭᠠᠷ ᠲᠤ ᠣᠷᠣᠪᠠ | ᠃ ᠡᠳᠦᠷ ᠲᠤᠳᠤᠮ ᠤᠨ ᠠᠵᠢᠯ ᠠᠮᠢᠳᠤᠷᠠᠯ ᠤᠨ ᠳᠤᠮᠳᠠ᠂ ᠲᠡᠷᠡ ᠡᠭᠡᠯᠵᠢ ᠳᠤᠭᠤᠶᠢᠯᠠᠩ ᠤᠨ ᠪᠦᠷᠢᠯᠳᠤᠬᠦᠨ ᠢᠶᠠᠨ | ᠬᠠᠯᠠᠮᠵᠢᠯᠠᠵᠤ᠂ ᠰᠣᠷᠣᠭᠰᠠᠨ ᠤᠷ᠎ᠠ ᠴᠢᠳᠠᠪᠤᠷᠢ ᠪᠠ ᠲᠤᠷᠰᠢᠯᠭ᠎ᠠ ᠪᠠᠨ ᠤᠯᠠᠮᠵᠢᠯᠠᠨ ᠵᠢᠭᠠᠵᠤ᠂ ᠱᠠᠪᠢ ᠨᠠᠷ ᠤᠨ ᠢᠶᠠᠨ | ᠬᠠᠶᠢᠷ᠎ᠠ ᠬᠦᠨᠳᠦᠳᠬᠡᠯ ᠢ ᠣᠯᠣᠭᠰᠠᠨ ᠪᠠᠶᠢᠨ᠎ᠠ᠃ ᠲᠡᠷᠡ ᠡᠭᠡᠯᠵᠢ ᠳᠤᠭᠤᠶᠢᠯᠠᠩ ᠤᠨ ᠪᠦᠷᠢᠯᠳᠦᠭᠦᠨ ᠢᠶᠠᠨ | ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ︽ᠨᠠᠷᠢᠯᠢᠭ ︾ ᠬᠠᠮᠢᠶᠠᠷᠤᠯᠲᠠ᠂ ᠪᠠᠷᠢᠯᠭ᠎ᠠ ᠶᠢᠨ ᠶᠠᠰᠤ ᠴᠢᠨᠠᠷ ᠤᠨ | ︽ᠨᠠᠷᠢᠯᠢᠭᠵᠢᠭᠤᠯᠤᠭᠰᠠᠨ ︾ ᠬᠠᠮᠢᠶᠠᠷᠤᠨ ᠡᠵᠡᠮᠳᠡᠬᠦ ᠵᠡᠷᠭᠡ ᠲᠠᠯ᠎ᠠ ᠪᠠᠷ ᠦᠨᠡᠨ ᠬᠦ ᠶᠠᠪᠤᠭᠳᠠᠭᠤᠰᠢᠲᠠᠢ | ᠳᠦᠷᠢᠮᠵᠢᠯ ᠤᠨ ᠪᠠᠷᠢᠮᠵᠢᠶ᠎ᠠ ᠶᠢ ᠲᠣᠭᠲᠠᠭᠠᠵᠤ᠂ ᠡᠭᠡᠯᠵᠢ ᠳᠤᠭᠤᠶᠢᠯᠠᠩ ᠤᠨ ᠪᠦᠷᠢᠯᠳᠦᠭᠦᠨ ᠢ ᠬᠥᠲᠥᠯᠥᠨ | ᠵᠢᠯᠤᠭᠤᠳᠴᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠣᠨ ᠭᠡᠮ ᠰᠣᠭᠤᠭ ᠢ ᠵᠢᠭᠰᠠᠭᠠᠨ ᠪᠠᠶᠢᠴᠠᠭᠠᠬᠤ | ᠴᠢᠳᠠᠪᠤᠷᠢ ᠶᠢ ᠳᠡᠭᠡᠭᠰᠢᠯᠡᠭᠦᠯᠪᠡ᠃ ᠲᠡᠷᠡ ᠪᠠᠰᠠ ᠡᠭᠡᠯᠵᠢ ᠳᠤᠭᠤᠶᠢᠯᠠᠩ ᠤᠨ ᠰᠠᠭᠤᠷᠢ ᠪᠦᠲᠦᠭᠡᠨ ᠪᠠᠶᠢᠭᠤᠯᠤᠯᠲᠠ ᠶᠢ | ᠴᠢᠩᠭ᠎ᠠ ᠠᠳᠬᠤᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠶᠢᠳᠪᠦᠷᠢᠯᠡᠬᠦ ᠶᠠᠪᠤᠴᠠ ᠳᠤ ᠨᠢᠭᠡᠨ ᠢᠵᠢ | ᠡᠭᠡᠯᠵᠢ ᠳᠤᠭᠤᠶᠢᠯᠠᠩ ᠤᠨ ᠣᠨᠴᠠᠯᠢᠭ ᠲᠠᠢ ᠬᠠᠮᠢᠶᠠᠷᠤᠯᠲᠠ ᠶᠢᠨ ᠠᠷᠭ᠎ᠠ — ︽ᠲᠡᠷᠢᠭᠦᠨ ᠤ ᠡᠭᠡᠯᠵᠢ | ᠳᠤᠭᠤᠶᠢᠯᠠᠩ ︾ ᠤᠨ ᠬᠠᠮᠢᠶᠠᠷᠤᠯᠲᠠ ᠶᠢᠨ ᠠᠷᠭ᠎ᠠ ᠶᠢ ᠪᠦᠷᠢᠯᠳᠦᠭᠦᠯᠵᠦ᠂ ᠡᠭᠡᠯᠵᠢ ᠳᠤᠭᠤᠶᠢᠯᠠᠩ ᠢᠶᠠᠨ ᠳᠠᠭᠠᠭᠤᠯᠤᠨ | ᠰᠢᠯᠢᠳᠡᠭ ᠬᠢᠷᠢ ᠪᠦᠲᠦᠮᠵᠢ ᠪᠠᠷ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠦᠢᠯᠡᠳᠪᠦᠷᠢᠯᠡᠯ ᠤᠨ | ᠡᠭᠦᠷᠭᠡ ᠶᠢ ᠪᠡᠶᠡᠯᠡᠭᠦᠯᠪᠡ᠃ | ᠦᠢᠯᠡᠳᠪᠦᠷᠢᠯᠡᠯ ᠤᠨ ᠶᠠᠪᠤᠴᠠ ᠳᠠᠬᠢ ᠠᠮᠤᠷ ᠲᠦᠪᠰᠢᠨ ᠤ ᠳᠠᠯᠳᠠ ᠬᠡᠮ ᠪᠣᠯᠣᠨ ᠲᠤᠨᠤᠭ ᠲᠥᠬᠦᠭᠡᠷᠦᠮᠵᠢ ᠶᠢᠨ | ᠲᠤᠰ ᠪᠡᠶ᠎ᠡ ᠶᠢᠨ ᠪᠦᠲᠦᠴᠡ ᠶᠢᠨ ᠴᠢᠨᠠᠷᠲᠠᠢ ᠠᠮᠤᠷ ᠲᠦᠪᠰᠢᠨ ᠤ ᠳᠤᠲᠠᠭᠳᠠᠯ ᠢ ᠰᠶᠢᠳᠪᠦᠷᠢᠯᠡᠬᠦ ᠶᠢᠨ ᠲᠦᠯᠦᠭᠡ᠂ | ᠬᠤ ᠶᠦᠩ ᠭᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠢᠳᠡᠪᠬᠢᠲᠡᠢ ᠣᠷᠣᠯᠴᠠᠵᠤ᠂ ᠤᠯᠠᠨ ᠲᠦᠷᠦᠯ ᠤᠨ ᠵᠢᠵᠢᠭ | ᠥᠭᠡᠷᠡᠴᠢᠯᠡᠯᠲᠡ ᠶᠢᠨ ᠲᠦᠷᠦᠯ ᠵᠦᠢᠯ ᠳᠤ ᠤᠷᠤᠯᠴᠠᠨ ᠵᠢᠷᠤᠵᠤ ᠲᠦᠯᠦᠪᠯᠡᠵᠦ᠂ ᠡᠭᠦᠨ ᠤ ᠳᠣᠲᠣᠷᠠᠬᠢ 2 | ᠲᠦᠷᠦᠯ ᠨᠢ ᠤᠯᠤᠰ ᠤᠨ ᠲᠤᠰᠬᠠᠢ ᠠᠰᠢᠭ ᠤᠨ ᠡᠷᠬᠡ ᠶᠢ ᠭᠤᠶᠤᠴᠢᠯᠠᠨ ᠮᠡᠳᠡᠭᠦᠯᠵᠦ ᠪᠤᠢ᠃ | ︽ᠠᠮᠵᠢᠯᠲᠠ ᠪᠦᠲᠦᠮᠵᠢ ᠵᠦᠪᠭᠡᠨ ᠥᠩᠭᠡᠷᠡᠭᠰᠡᠨ ᠢ ᠲᠥᠯᠥᠭᠡᠯᠡᠨ᠎ᠡ᠂ ᠬᠤᠵᠢᠮ ᠢᠷᠡᠭᠡᠳᠦᠢ ᠳᠤ ᠦᠷᠭᠦᠯᠵᠢᠯᠡᠨ | ᠴᠢᠷᠮᠠᠶᠢᠨ᠎ᠠ ︾᠃ ᠡᠨᠡ ᠵᠢᠯ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ | ᠬᠤ ᠶᠦᠩ ᠭᠠᠩ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃ ᠰᠢᠨ᠎ᠡ ᠴᠠᠭ | ᠦᠶ᠎ᠡ ᠶᠢᠨ ᠨᠡᠭᠦᠷᠡᠰᠦᠨ ᠠᠭᠤᠷᠬᠠᠢ ᠶᠢᠨ ᠠᠵᠢᠯᠴᠢᠳ ᠤᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠰᠢᠨ᠎ᠡ ᠶᠢ | ᠡᠭᠦᠳᠦᠨ ᠰᠦᠪᠡᠭᠴᠢᠯᠡᠬᠦ ᠡᠷᠬᠢᠮ ᠨᠠᠨᠳᠢᠨ ᠵᠣᠷᠢᠭ ᠰᠠᠨᠠᠭ᠎ᠠ ᠨᠢ ᠨᠡᠩ ᠤᠯᠠᠨ ᠵᠠᠯᠠᠭᠤ ᠬᠥᠳᠡᠯᠮᠦᠷᠢᠴᠢᠳ ᠤᠨ | ᠲᠠᠰᠤᠷᠠᠯᠲᠠ ᠦᠭᠡᠢ ᠰᠢᠨ᠎ᠡ ᠥᠨᠳᠥᠷᠴᠡ ᠶᠢ ᠬᠥᠭᠡᠭᠡᠴᠡᠯᠳᠦᠬᠦ᠂ ᠰᠢᠨ᠎ᠡ ᠦᠷᠳᠡᠭ ᠢᠶᠠᠨ ᠢᠯᠡᠷᠡᠭᠦᠯᠬᠦ ᠶᠢ | ᠤᠷᠮᠠᠰᠢᠭᠤᠯᠤᠨ ᠵᠣᠷᠢᠭᠵᠢᠭᠤᠯᠤᠨ᠎ᠠ᠃ |