ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ ᠤᠯᠠᠭᠠᠨᠴᠠᠪ | ᠬᠤᠳᠠ᠂ ᠠᠯᠠᠱᠠ ᠠᠶᠢᠮᠠᠭ᠂ ᠬᠥᠯᠥᠨ ᠪᠤᠶᠢᠷ ᠬᠤᠳᠠ᠂ ᠦᠬᠠᠢ ᠬᠤᠳᠠ ᠶᠢᠨ ᠬᠢᠨ ᠰᠤᠷᠤᠯᠴᠠᠯᠭ᠎ᠠ ᠬᠥᠮᠦᠵᠢᠯ ᠤᠨ | ᠲᠥᠰᠦᠯ ᠢ ᠲᠡᠷᠡ ᠳᠠᠷᠤᠢ ᠳᠤᠨᠢ ᠰᠤᠳᠤᠯᠤᠨ ᠪᠠᠶᠢᠷᠢᠯᠠᠭᠤᠯᠵᠤ᠂ ᠳᠡᠭᠡᠷ᠎ᠡ ᠠᠴᠠ ᠳᠣᠷᠣᠭᠰᠢ᠂ ᠳᠡᠭᠡᠷ᠎ᠡ ᠱᠠᠳᠤ ᠨᠢ | ᠳᠣᠣᠷ᠎ᠠ ᠱᠠᠳᠤ ᠪᠠᠨ ᠳᠠᠭᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠪᠠᠨ ᠲᠣᠳᠣᠷᠬᠠᠶᠢᠯᠠᠵᠤ᠂ | ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠡᠬᠢᠯᠡᠭᠦᠯᠵᠦ᠂ ᠪᠦᠬᠦ ᠲᠠᠯ᠎ᠠ ᠪᠠᠷ ᠥᠷᠨᠢᠭᠦᠯᠬᠦ ᠶᠢ ᠪᠠᠲᠤᠯᠠᠵᠤ ᠪᠤᠢ᠃ | ᠰᠢᠯᠢ ᠶᠢᠨ ᠭᠤᠤᠯ ᠠᠶᠢᠮᠠᠭ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ | ᠪᠣᠯᠭᠠᠵᠤ᠂ ᠦᠳᠲᠡᠷ ᠲᠦᠷᠭᠡᠨ ᠬᠥᠳᠡᠯᠦᠯᠴᠡᠨ᠂ ᠨᠠᠷᠢᠨ ᠨᠢᠮᠪᠠᠶ ᠲᠥᠯᠥᠪᠵᠢᠭᠦᠯᠵᠦ᠂ ᠰᠤᠷᠤᠯᠴᠠᠯᠭ᠎ᠠ ᠬᠥᠮᠦᠵᠢᠯ ᠢ | ᠥᠨᠳᠥᠷ ᠪᠠᠷᠢᠮᠵᠢᠶ᠎ᠠ ᠪᠠᠷ ᠡᠬᠢᠯᠡᠭᠦᠯᠬᠦ ᠶᠢ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠪᠠ᠃ 3 ᠰᠠᠷ᠎ᠠ ᠶᠢᠨ 21 ᠤ | ᠡᠳᠦᠷ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ 2025 ᠣᠨ ᠤ ᠶᠢᠰᠦᠳᠦᠭᠡᠷ ᠤᠳᠠᠭ᠎ᠠ ᠶᠢᠨ ᠬᠤᠷᠠᠯ | ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ 2025 ᠣᠨ ᠤ ᠨᠢᠭᠡᠳᠦᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠲᠥᠪ ᠬᠤᠷᠢᠶ᠎ᠠ ᠵᠢᠴᠢ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠠᠵᠢᠯ ᠤᠨ ᠲᠥᠰᠦᠯ ᠢ ᠬᠢᠨᠠᠨ ᠲᠣᠭᠲᠠᠭᠠᠪᠠ᠃ | ᠣᠳᠣᠬᠠᠨ ᠪᠣᠯᠲᠠᠯ᠎ᠠ᠂ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ᠲᠣᠭᠤᠷᠢᠭ᠂ 69 ᠠᠶᠢᠮᠠᠭ ᠤᠨ | ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠣᠯᠤᠨ 3788 ᠦᠨᠳᠦᠰᠦᠨ ᠱᠠᠲᠤᠨ ᠤ ᠨᠠᠮ ᠤᠨ ᠡᠭᠦᠷ ᠰᠤᠷᠤᠯᠴᠠᠯᠭ᠎ᠠ | ᠬᠥᠮᠦᠵᠢᠯ ᠢ ᠪᠦᠬᠦᠨ ᠢ ᠡᠬᠢᠯᠡᠭᠦᠯᠪᠡ᠃ ᠲᠤᠰ ᠡᠳᠦᠷ᠂ ᠲᠤᠯᠤᠨ ᠨᠤᠤᠷ ᠰᠢᠶᠠᠨ ᠰᠢᠶᠠᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠵᠢᠴᠢ ᠰᠢᠶᠠᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠬᠡᠯᠪᠡᠷᠢ ᠪᠠᠷ ᠪᠦᠬᠦ ᠰᠢᠶᠠᠨ ᠤ ᠰᠤᠷᠤᠯᠴᠠᠯᠭ᠎ᠠ ᠬᠥᠮᠦᠵᠢᠯ ᠢ | ᠡᠬᠢᠯᠡᠭᠦᠯᠵᠦ᠂ ᠬᠤᠷᠠᠯ ᠳᠡᠭᠡᠷ᠎ᠡ ︽ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ ︾ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠬᠤ ᠶᠢᠨ ᠬᠠᠮᠲᠤ ᠠᠵᠢᠯ ᠤᠨ ᠲᠥᠰᠦᠯ᠂ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠠᠵᠢᠯ ᠤᠨ | ᠲᠤᠬᠢᠷᠠᠭᠤᠯᠤᠯᠳᠠ᠂ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠬᠢ ᠶᠢᠨ ᠪᠠᠶᠢᠳᠠᠯ ᠢ ᠬᠢᠨᠠᠨ ᠵᠥᠪᠯᠡᠪᠡ᠃ | ᠲᠤᠰ ᠰᠢᠶᠠᠨ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ︽1 ᠳᠡᠪᠲᠡᠷ ᠨᠣᠮ ︾᠂ ︽1 ᠲᠣᠭᠲᠠᠭᠠᠯ ᠤᠨ ᠵᠣᠷᠢᠭ ᠰᠠᠨᠠᠭ᠎ᠠ ︾᠂ ︽1 | ᠲᠤᠷᠰᠢᠯᠭ᠎ᠠ ᠶᠢᠨ ᠳ᠋ᠦᠩᠨᠡᠯᠲᠡ ︾ ᠵᠡᠷᠭᠡ 3 ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠶᠢ ᠰᠠᠶᠢᠲᠤᠷ | ᠰᠤᠷᠤᠯᠴᠠᠬᠤ ᠪᠠᠷ ᠭᠤᠣᠯᠳᠠᠭᠤᠯᠵᠤ᠂ ᠨᠣᠮ ᠤᠩᠰᠢᠬᠤ ᠠᠩᠬᠢ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠤᠯᠠᠨ | ᠵᠦᠢᠯ ᠤᠨ ᠠᠷᠭ᠎ᠠ ᠬᠡᠯᠪᠡᠷᠢ ᠪᠠᠷ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠵᠢᠯ ᠳᠠᠭᠠᠨ | ᠠᠭᠤᠰᠤᠯᠴᠠᠭᠤᠯᠪᠠ᠃ | ᠤᠯᠠᠭᠠᠨᠬᠠᠳᠠ ᠬᠤᠲᠠ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠴᠢᠩᠭ᠎ᠠ ᠱᠠᠭᠠᠷᠳᠠᠯᠭ᠎ᠠ ᠪᠠᠷ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ | ᠤᠷᠤᠭᠰᠢᠲᠠᠢ ᠡᠬᠢᠯᠡᠵᠦ᠂ ᠯᠠᠪᠳᠠᠭᠤᠨ ᠢᠶᠠᠷ ᠠᠬᠢᠬᠤ ᠶᠢ ᠪᠠᠲᠤᠯᠠᠪᠠ᠃ 3 ᠰᠠᠷ᠎ᠠ ᠶᠢᠨ 19 ᠤ ᠡᠳᠦᠷ᠂ ᠤᠯᠠᠭᠠᠨᠬᠠᠳᠠ | ᠬᠤᠲᠠ ᠶᠢᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ | ᠬᠤᠷᠠᠯᠳᠤᠭᠤᠯᠵᠤ᠂ ᠪᠥᠬᠦ ᠬᠤᠲᠠ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ | ᠪᠠᠲᠤᠯᠠᠬᠤ ᠶᠢᠨ ᠬᠠᠮᠲᠤ ᠰᠤᠷᠤᠯᠴᠠᠯᠭ᠎ᠠ ᠬᠥᠮᠦᠵᠢᠯ ᠳᠤ ᠪᠠᠶᠢᠷᠢᠯᠠᠭᠤᠯᠤᠯᠲᠠ ᠬᠢᠪᠠ᠃ 3 ᠰᠠᠷ᠎ᠠ ᠶᠢᠨ 30 ᠠᠴᠠ | 31 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ | ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠪᠠ᠃ ᠣᠳᠣᠬᠠᠨ ᠪᠣᠯᠲᠠᠯ᠎ᠠ᠂ ᠪᠥᠬᠦ | ᠬᠤᠲᠠ ᠶᠢᠨ 12 ᠬᠤᠰᠢᠭᠤ ᠰᠢᠶᠠᠨ ᠲᠣᠭᠤᠷᠢᠭ᠂ 124 ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ᠂ 3 ᠬᠠᠮᠲᠤ ᠪᠠᠷ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ᠂ | ᠲᠦᠮᠡ ᠭᠠᠷᠤᠶ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠥᠮ ᠰᠤᠷᠤᠯᠴᠠᠯᠭ᠎ᠠ ᠬᠥᠮᠦᠵᠢᠯ ᠢ | ᠪᠥᠬᠦ ᠲᠠᠯ᠎ᠠ ᠪᠠᠷ ᠡᠬᠢᠯᠡᠭᠦᠯᠪᠡ᠃ 4 ᠰᠠᠷ᠎ᠠ ᠶᠢᠨ 7 ᠠᠴᠠ 8 ᠤ ᠡᠳᠦᠷ ᠪᠤᠯᠳᠠᠯ᠎ᠠ᠂ ᠯᠢᠨᠰᠢ ᠰᠢᠶᠠᠨ ᠤ ᠨᠠᠮ ᠤᠨ | ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠵᠤ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ | ᠥᠪᠡᠰᠦᠪᠡᠨ ᠰᠤᠷᠤᠯᠴᠠᠬᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ | ᠰᠤᠷᠤᠯᠴᠠᠯᠭ᠎ᠠ ᠥᠷᠨᠢᠭᠦᠯᠪᠡ᠃ ᠤᠯᠠᠨ ᠢᠶᠠᠷ ᠢᠶᠠᠨ᠂ ᠨᠢᠭᠡ ᠤᠳᠠᠭ᠎ᠠ ᠶᠢᠨ ᠭᠦᠨ ᠭᠦᠨᠵᠡᠭᠡᠢ ᠦᠵᠡᠯ ᠰᠠᠨᠠᠭᠠᠨ ᠤ | ᠳᠠᠪᠲᠠᠯᠲᠠ ᠶᠢ ᠮᠡᠳᠡᠷᠡᠵᠦ᠂ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠦᠢᠯᠡ | ᠠᠵᠢᠯᠯᠠᠭ᠎ᠠ ᠶᠢᠨ ᠤᠬᠠᠮᠰᠠᠷ ᠢᠯᠡᠳᠲᠡ ᠴᠢᠩᠭᠠᠷᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠡᠷᠴᠢ ᠵᠣᠷᠢᠭ ᠢᠶᠠᠨ ᠤᠯᠠᠮ ᠪᠠᠲᠤᠳᠬᠠᠵᠤ᠂ ᠰᠤᠷᠲᠠᠯ ᠤᠨ ᠪᠠᠶᠢᠭᠤᠯᠤᠯᠲᠠ ᠶᠢᠨ | ᠰᠢᠨ᠎ᠡ ᠦᠷ᠎ᠡ ᠪᠦᠲᠦᠮᠵᠢ ᠪᠠᠷ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠭᠦᠷᠭᠡ ᠯᠢᠨᠰᠢ ᠳᠤ ᠨᠡᠩ ᠶᠡᠭᠡ | ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ ᠭᠡᠵᠦ ᠢᠯᠡᠳᠭᠡᠵᠡᠭᠡᠪᠡ᠃ | ᠤᠯᠠᠭᠠᠨᠴᠠᠪ ᠬᠤᠳᠠ ᠰᠤᠷᠤᠯᠴᠠᠯᠭ᠎ᠠ ᠬᠥᠮᠦᠵᠢᠯ ᠢ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠣᠯᠳᠠᠯᠭ᠎ᠠ ᠲᠠᠢ ᠡᠭᠦᠷᠭᠡ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠪᠠ᠃ | 3 ᠰᠠᠷ᠎ᠠ ᠶᠢᠨ 21 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ | ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠤᠲᠠ ᠶᠢᠨ | ᠨᠠᠮ ᠤᠨ ᠬᠤᠷᠢᠶ᠎ᠠ ᠶᠢᠨ ᠠᠯᠪᠠᠨ ᠬᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠰᠤᠷᠤᠯᠴᠠᠯᠭ᠎ᠠ | ᠬᠥᠮᠦᠵᠢᠯ ᠢ ᠵᠢᠩᠬᠢᠨᠢ ᠪᠠᠷ ᠡᠬᠢᠯᠡᠭᠦᠯᠪᠡ᠃ ᠨᠢᠭᠡ ᠨᠢᠭᠡ ᠪᠠᠷ ᠵᠢᠭᠠᠨ ᠵᠢᠯᠣᠭᠤᠳᠴᠤ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠵᠢᠴᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠱᠠᠯᠠᠪᠳᠠᠭᠤᠯᠤᠨ ᠱᠠᠭᠠᠷᠳᠠᠵᠤ᠂ ᠬᠦᠯᠢᠶᠡᠬᠦ ᠥᠬᠡᠶ ᠲᠦᠰᠢᠭᠯᠡᠬᠦ ᠥᠬᠡᠶ ᠪᠠᠷ ᠰᠤᠷᠤᠯᠴᠠᠯᠭ᠎ᠠ | ᠬᠥᠮᠦᠵᠢᠯ ᠢ ᠵᠡᠷᠭᠡ ᠪᠠᠷ ᠡᠬᠢᠯᠡᠭᠦᠯᠪᠡ᠃ ᠲᠣᠰ ᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ | ᠳᠠᠪᠬᠤᠷᠭ᠎ᠠ ᠳᠤ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠪᠠ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠵᠡᠷᠭᠡ 3 ᠶᠡᠭᠡ ᠳᠡᠭᠡᠳᠦ ᠰᠤᠷᠭᠠᠭᠤᠯᠢ 3 ᠰᠠᠷ᠎ᠠ ᠶᠢᠨ 25 ᠤ ᠡᠳᠦᠷ ᠠᠴᠠ ᠡᠮᠦᠨ᠎ᠡ | ᠰᠤᠷᠤᠯᠴᠠᠯᠭ᠎ᠠ ᠪᠠᠨ ᠡᠬᠢᠯᠡᠭᠦᠯᠪᠡ ︔ ᠬᠤᠰᠢᠭᠤ ᠰᠢᠶᠠᠨ᠂ ᠬᠤᠲᠠ ᠶᠢᠨ ᠰᠢᠭᠤᠳ ᠬᠠᠷᠢᠶ᠎ᠠ ᠨᠢᠭᠡᠴᠢ ᠶᠢᠨ | ᠳᠠᠪᠬᠤᠷᠭ᠎ᠠ ᠳᠤ᠂ 11 ᠬᠤᠰᠢᠭᠤ ᠰᠢᠶᠠᠨ ᠬᠤᠲᠠ ᠲᠣᠭᠤᠷᠢᠭ ᠨᠢ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ ᠪᠤᠶᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠵᠦ᠂ 92 ᠬᠤᠲᠠ ᠶᠢᠨ | ᠰᠢᠭᠤᠳ ᠬᠠᠷᠢᠶ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ ︶ ᠤᠨ ᠬᠢᠨ 3 | ᠰᠠᠷ᠎ᠠ ᠶᠢᠨ ᠡᠴᠦᠰ ᠠᠴᠠ ᠡᠮᠦᠨ᠎ᠡ ᠪᠦᠬᠦᠨ ᠢ ᠡᠬᠢᠯᠡᠭᠦᠯᠵᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠯ᠎ᠠ ᠪᠠᠷ᠂ ᠪᠦᠬᠦ ᠬᠤᠲᠠ ᠶᠢᠨ 5926 ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ︵92 ᠰᠤᠮᠤ ᠰᠢᠶᠠᠩ ᠪᠠᠯᠭᠠᠰᠤ ᠶᠢ ᠪᠠᠭᠲᠠᠭᠠᠨ᠎ᠠ ︶᠂ 13 ᠵᠡᠭᠡᠯᠢ ᠭᠤᠳᠤᠮᠵᠢ ᠶᠢᠨ ᠨᠠᠮ ᠤᠨ | ᠠᠵᠢᠯ ᠤᠨ ᠬᠤᠷᠢᠶ᠎ᠠ 3 ᠰᠠᠷ᠎ᠠ ᠶᠢᠨ ᠡᠴᠦᠰ ᠠᠴᠠ ᠡᠮᠦᠨ᠎ᠡ ᠪᠦᠬᠦᠨ ᠢ ᠡᠬᠢᠯᠡᠭᠦᠯᠵᠡᠢ᠃ 3 ᠰᠠᠷ᠎ᠠ ᠶᠢᠨ 31 ᠠᠴᠠ | 4 ᠰᠠᠷ᠎ᠠ ᠶᠢᠨ 1 ᠤ ᠡᠳᠦᠷ ᠪᠣᠯᠲᠠᠯ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ | ᠠᠩᠭᠢ ᠡᠷᠭᠢᠯᠡᠵᠦ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ | ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠵᠢᠱᠢᠶ᠎ᠡ ᠦᠵᠡᠭᠦᠯᠦᠨ | ᠳᠠᠶᠢᠴᠢᠯᠠᠪᠠ᠃ 4 ᠰᠠᠷ᠎ᠠ ᠶᠢᠨ 7 ᠤ ᠡᠳᠦᠷ ᠪᠣᠯᠲᠠᠯ᠎ᠠ᠂ ᠪᠥᠬᠦ ᠬᠤᠲᠠ ᠶᠢᠨ 11 ᠬᠤᠰᠢᠭᠤ ᠰᠢᠶᠠᠨ ᠬᠤᠲᠠ | ᠲᠣᠭᠤᠷᠢᠭ᠂ 58 ᠬᠤᠲᠠ ᠶᠢᠨ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ | ᠨᠠᠮ ᠤᠨ ᠬᠤᠷᠢᠶ᠎ᠠ ︶ ᠨᠢᠭᠡᠨᠲᠡ ᠨᠣᠮ ᠤᠩᠰᠢᠬᠤ ᠠᠩᠭᠢ ᠡᠷᠭᠢᠯᠡᠭᠰᠡᠨ ᠪᠠᠶᠢᠨ᠎ᠠ᠃ | ᠠᠯᠠᠱᠠ ᠠᠶᠢᠮᠠᠭ ᠨᠠᠷᠢᠨ ᠬᠢᠨᠠᠮᠠᠭᠠᠶ ᠲᠥᠯᠥᠪᠵᠢᠭᠦᠯᠦᠨ ᠲᠣᠬᠢᠷᠠᠭᠤᠯᠵᠤ᠂ ᠲᠦᠷᠭᠡᠨ ᠪᠠᠶᠢᠷᠢᠯᠠᠭᠤᠯᠤᠨ | ᠨᠠᠶᠢᠳᠠᠪᠤᠷᠢᠵᠢᠭᠤᠯᠪᠠ᠃ 3 ᠰᠠᠷ᠎ᠠ ᠶᠢᠨ 26 ᠠᠴᠠ 27 ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠨᠠᠮ ᠤᠨ | ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠣᠯᠠᠨ ᠢᠶᠠᠷ ᠢᠶᠠᠨ ᠲᠤᠰᠬᠠᠶ ᠰᠡᠳᠦᠪ ᠢᠶᠠᠷ ᠬᠠᠪᠰᠤᠷᠤᠨ | ᠵᠢᠯᠣᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ ᠵᠡᠷᠭᠡ ᠠᠷᠭ᠎ᠠ | ᠬᠡᠯᠪᠡᠷᠢ ᠪᠠᠷ ᠳᠠᠮᠵᠢᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠣᠶᠢᠯᠠᠭᠠᠵᠤ᠂ ᠳᠡᠭᠡᠷ᠎ᠠ ᠱᠠᠲᠤ ᠨᠢ ᠳᠤᠤᠷ᠎ᠠ ᠱᠠᠲᠤ ᠪᠠᠨ ᠳᠠᠭᠠᠭᠤᠯᠤᠨ ᠵᠢᠱᠢᠶ᠎ᠡ ᠦᠵᠡᠭᠦᠯᠦᠨ ᠪᠥᠬᠦ ᠠᠶᠢᠮᠠᠭ ᠤᠨ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠠᠶᠢᠴᠢᠯᠠᠪᠠ᠃ ᠲᠤᠰ ᠠᠶᠢᠮᠠᠭ ᠤᠨ ᠡᠯ᠎ᠡ | ᠬᠤᠰᠢᠭᠤ ᠲᠣᠭᠤᠷᠢᠭ ᠤᠨ ᠨᠠᠮ ︵ᠠᠵᠢᠯ ︶ ᠤᠨ ᠬᠤᠷᠢᠶ᠎ᠠ ᠬᠠᠮᠳᠤ ᠪᠠᠷ ᠨᠢᠬᠡ ᠭᠦᠭ ᠠᠶᠠᠰ ᠢᠶᠠᠷ | ᠵᠣᠬᠢᠴᠠᠭᠤᠯᠤᠨ ᠬᠥᠳᠡᠯᠦᠯᠴᠡᠵᠦ᠂ ᠰᠤᠷᠤᠯᠴᠠᠯᠭ᠎ᠠ ᠬᠥᠮᠦᠵᠢᠯ ᠢ ᠵᠡᠷᠭᠡ ᠪᠠᠷ ᠠᠬᠢᠭᠤᠯᠪᠠ᠃ ᠠᠶᠢᠮᠠᠭ ᠤᠨ ᠰᠢᠭᠤᠳ | ᠬᠠᠷᠢᠶ᠎ᠠ ᠡᠯ᠎ᠡ ᠨᠢᠭᠡᠴᠢ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠤᠳᠤᠷᠢᠳᠬᠤ | ᠳᠤᠭᠤᠶᠢᠯᠠᠩ ︵ᠨᠠᠮ ᠤᠨ ᠬᠤᠷᠢᠶ᠎ᠠ ︶ ᠤᠨ ᠬᠤᠷᠠᠯ᠂ ︽ᠭᠤᠷᠪᠠᠨ ᠬᠤᠷᠠᠯ ᠨᠢᠭᠡ ᠬᠢᠴᠢᠶᠡᠯ ︾ ᠵᠡᠷᠭᠡ | ᠬᠡᠯᠪᠡᠷᠢ ᠪᠠᠷ ᠳᠠᠮᠵᠢᠨ᠂ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ | ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠰᠤᠷᠤᠯᠴᠠᠯᠭ᠎ᠠ ᠬᠥᠮᠦᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ | ᠦᠨᠡᠨ ᠬᠦ ᠪᠠᠲᠤᠯᠠᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ 6 ᠬᠤᠰᠢᠭᠤ ᠲᠣᠭᠤᠷᠢᠭ᠂ 67 ᠠᠶᠢᠮᠠᠭ ᠤᠨ | ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠂ 38 ᠰᠤᠮᠤ ᠪᠠᠯᠭᠠᠰᠤ ︵ᠵᠡᠭᠡᠯᠢ ᠭᠤᠳᠤᠮᠵᠢ ︶᠂ ᠪᠣᠶ ᠪᠥᠬᠦᠶ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠥᠮ ᠰᠤᠷᠤᠯᠴᠠᠯᠭ᠎ᠠ ᠬᠥᠮᠦᠵᠢᠯ ᠤᠨ ᠠᠵᠢᠯ ᠢ | ᠪᠠᠶᠢᠷᠢᠯᠠᠭᠤᠯᠪᠡ᠃ 3 ᠰᠠᠷ᠎ᠠ ᠶᠢᠨ 31 ᠤ ᠡᠳᠦᠷ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ | ᠤᠯᠠᠭᠠᠨᠪᠤᠬ᠎ᠠ ᠶᠢᠨ ᠵᠢᠱᠢᠶ᠎ᠡ ᠦᠵᠡᠭᠦᠯᠬᠦ ᠲᠣᠭᠤᠷᠢᠭ ᠰᠤᠷᠤᠯᠴᠠᠯᠭ᠎ᠠ ᠬᠥᠮᠦᠵᠢᠯ ᠤᠨ ᠪᠣᠯᠪᠠᠰᠤᠷᠠᠯ ᠡᠷᠭᠢᠯᠡᠵᠦ᠂ | ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠤᠷᠢᠵᠤ ︽ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ | ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ | ᠬᠠᠩᠭᠠᠶ᠎ᠠ ︾ ᠭᠡᠬᠦ ᠰᠡᠳᠦᠪ ᠢᠶᠠᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠭᠡᠵᠦ᠂ ᠨᠠᠮ ᠤᠨ | ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ | ᠳᠡᠭᠡᠭᠰᠢᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠦᠨᠡᠨ | ᠬᠦ ᠣᠯᠠᠨ ᠲᠦᠮᠡᠨ ᠢ ᠬᠠᠨᠤᠮᠵᠢᠲᠠᠶ ᠪᠠᠶᠢᠯᠭᠠᠬᠤ᠂ ᠵᠣᠬᠢᠶᠠᠨ ᠪᠠᠶᠢᠭᠤᠯᠤᠯᠲᠠ ᠶᠢ ᠰᠠᠨᠠᠭ᠎ᠠ ᠠᠮᠤᠷ ᠪᠠᠶᠢᠯᠭᠠᠬᠤ᠂ | ᠰᠢᠯᠢᠳᠡᠭ ᠰᠤᠷᠲᠠᠯ ᠢᠶᠠᠷ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ | ᠪᠣᠶ ᠪᠣᠯᠭᠠᠬᠤ ᠶᠢ ᠵᠤᠷᠢᠪᠠ᠃ | ᠬᠥᠯᠥᠨ ᠪᠤᠶᠢᠷ ᠬᠤᠲᠠ ᠨᠠᠷᠢᠨ ᠨᠢᠮᠪᠠᠶ ᠲᠥᠯᠥᠪᠵᠢᠭᠦᠯᠦᠨ ᠪᠠᠶᠢᠷᠢᠯᠠᠭᠤᠯᠵᠤ᠂ ︽ᠰᠤᠷᠤᠯᠴᠠᠬᠤ ︾ ᠶᠢ | ᠢᠮᠠᠭᠲᠠ ᠲᠤᠭᠤᠰᠢᠯᠠᠭᠤᠯᠪᠠ᠃ ᠳᠡᠭᠡᠷ᠎ᠠ ᠱᠠᠲᠤ ᠨᠢ ᠳᠣᠣᠷ᠎ᠠ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠬᠦ ᠬᠤᠲᠠ ᠶᠢᠨ ᠭᠠᠵᠠᠷ ᠤᠨ ᠳᠡᠰ ᠠᠴᠠ | ᠳᠡᠭᠡᠭᠰᠢᠬᠢ ᠤᠳᠤᠷᠢᠳᠬᠤ ᠪᠠᠭ ᠢ ᠵᠢᠱᠢᠶ᠎ᠡ ᠦᠵᠡᠭᠦᠯᠦᠨ ᠳᠠᠶᠢᠴᠢᠯᠠᠵᠤ᠂ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ ︶ ᠶᠢᠨ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ | ᠨᠣᠮ ᠤᠩᠰᠢᠬᠤ ᠠᠩᠭᠢ ᠡᠷᠬᠢᠯᠡᠬᠦ᠂ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠬᠤ ᠵᠡᠷᠭᠡ ᠠᠷᠭ᠎ᠠ ᠬᠡᠯᠪᠡᠷᠢ ᠶᠢ | ᠥᠷᠭᠡᠨ ᠢᠶᠠᠷ ᠠᠪᠴᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠥᠭᠦᠯᠡᠯᠲᠡ ᠶᠢᠨ ᠲᠡᠭᠦᠪᠦᠷᠢ ︾ ᠶᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢᠨ ᠤᠭ ᠵᠤᠬᠢᠶᠠᠯ ᠢ ᠰᠤᠷᠤᠯᠴᠠᠪᠠ᠃ ᠡᠯ᠎ᠡ | ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠠᠵᠢᠯ ᠤᠨ ᠪᠣᠳᠠᠲᠤ ᠪᠠᠶᠢᠳᠠᠯ | ᠪᠣᠯᠤᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠢᠯᠠᠩᠭᠤᠶ᠎ᠠ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ︽ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ | ︾ ᠲᠤᠬᠠᠢ ᠴᠢᠬᠤᠯᠠ ᠱᠠᠭᠠᠷᠳᠠᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠰᠤᠷᠤᠯᠴᠠᠯᠭ᠎ᠠ ᠶᠢᠨ | ᠳᠤᠮᠳᠠ ᠠᠴᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠭᠡᠷᠡᠭᠯᠡᠪᠡ᠃ ᠬᠤᠲᠠ ᠶᠢᠨ ᠰᠢᠭᠤᠳ ᠬᠠᠷᠢᠶ᠎ᠠ | ᠡᠯ᠎ᠡ ᠨᠠᠮ ︵ᠠᠵᠢᠯ ︶ ᠤᠨ ᠬᠤᠷᠢᠶ᠎ᠠ ᠶᠢᠨ ᠬᠢᠨ ᠪᠠᠶᠢᠭᠤᠯᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠣᠢ ᠰᠢᠭᠤᠶ ᠡᠪᠡᠰᠦ ᠪᠡᠯᠴᠢᠭᠡᠷ᠂ ︽ᠬᠤᠶᠠᠷ ᠰᠢᠨ᠎ᠡ ︾ ᠵᠣᠬᠢᠶᠠᠨ ᠪᠠᠶᠢᠭᠤᠯᠤᠯᠲᠠ ᠵᠡᠷᠭᠡ | ᠠᠳᠠᠯᠢ ᠪᠤᠰᠤ ᠬᠦᠷᠢᠶᠡᠨ ᠤ ᠣᠨᠴᠠᠯᠢᠭ ᠪᠠ ᠠᠵᠢᠯ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠭᠤᠤᠯᠳᠠᠯᠭ᠎ᠠ ᠲᠠᠢ | ᠰᠤᠷᠤᠯᠴᠠᠯᠭ᠎ᠠ ᠶᠢ ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠵᠤ᠂ ᠰᠢᠨ᠎ᠡ ᠪᠠᠷ ᠳᠡᠪᠰᠢᠭᠦᠯᠦᠭᠰᠡᠨ ᠺᠠᠳ᠋ᠷ᠂ ᠵᠠᠯᠠᠭᠤ | ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠤᠨ ᠰᠤᠷᠤᠯᠴᠠᠯᠭ᠎ᠠ ᠬᠥᠮᠦᠵᠢᠯ ᠢ ᠲᠣᠪᠤᠶᠢᠮ᠎ᠠ ᠰᠠᠶᠢᠲᠤᠷ | ᠠᠳᠬᠤᠪᠠ᠃ ᠪᠣᠳᠠᠲᠠᠶ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠡᠭ ᠣᠯᠠᠨ᠂ ᠱᠤᠭᠤᠮ ᠣᠷᠳᠣ᠂ ᠬᠡᠪᠴᠢᠶ᠎ᠡ ᠥᠷᠭᠡᠨ᠂ ᠲᠥᠷᠥᠯ ᠬᠡᠯᠪᠡᠷᠢ ᠣᠯᠠᠨ ᠪᠠᠶᠢᠬᠤ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠤᠯᠠᠭᠠᠨ ᠪᠠᠬᠢᠯᠡᠯᠲᠡ ᠶᠢᠨ ᠡᠷᠦᠬᠡ ︾᠂ ︽ᠨᠠᠮ ᠤᠨ | ᠭᠡᠰᠢᠭᠦᠨ ᠤ ᠭᠤᠤᠯᠳᠠᠯᠭᠠᠲᠤ ᠡᠷᠦᠬᠡ ︾᠂ ︽ᠲᠠᠯ᠎ᠠ ᠨᠤᠲᠤᠭ ᠤᠨ ᠬᠤᠰᠢᠭᠤᠴᠢ ᠯᠧᠺᠲ᠋ᠣᠷ ᠤᠨ ᠪᠦᠯᠬᠦᠮ | ︾ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠯᠴᠠᠯᠭ᠎ᠠ ᠶᠢ ᠬᠡᠷ ᠲᠤᠨᠢ ᠬᠦᠷᠭᠡᠬᠦ᠂ | ᠬᠠᠪᠰᠤᠷᠤᠯᠴᠠᠭ᠎ᠠ ᠪᠠᠶᠢᠭᠤᠯᠤᠨ ᠰᠤᠷᠤᠯᠴᠠᠬᠤ ᠵᠡᠷᠭᠡ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ ᠪᠠᠷ ᠳᠠᠮᠵᠢᠨ | ᠥᠷᠭᠡᠨ ᠣᠯᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ | ᠣᠷᠣᠯᠴᠠᠭᠤᠯᠵᠤ᠂ ᠰᠤᠷᠤᠯᠴᠠᠯᠭ᠎ᠠ ︽ᠲᠠᠰᠤᠯᠳᠠᠬᠤ ᠥᠬᠡᠶ ︾᠂ ᠦᠵᠡᠯ ᠰᠠᠨᠠᠭ᠎ᠠ ︽ᠡᠩᠨᠡᠭᠡ ᠠᠴᠠ | ᠬᠤᠴᠣᠷᠬᠤ ᠥᠬᠡᠶ ︾ ᠪᠠᠶᠢᠬᠤ ᠶᠢ ᠦᠨᠡᠨ ᠬᠦ ᠪᠠᠲᠤᠯᠠᠵᠤ ᠪᠤᠢ᠃ | ᠦᠬᠠᠶ ᠬᠤᠲᠠ 3 ᠰᠠᠷ᠎ᠠ ᠶᠢᠨ 20 ᠤ ᠡᠳᠦᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ 2025 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ︽ | ᠪᠥᠬᠦ ᠬᠤᠲᠠ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠶ ᠠᠵᠢᠯ ᠤᠨ ᠲᠥᠰᠦᠯ ︾ ᠢ ᠬᠢᠨᠠᠨ ᠵᠥᠪᠯᠡᠵᠦ ᠪᠠᠲᠤᠯᠠᠪᠠ᠃ ᠪᠦᠬᠦ | ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠰᠤᠷᠤᠯᠴᠠᠯᠭ᠎ᠠ | ᠰᠤᠳᠤᠯᠤᠨ ᠶᠠᠷᠢᠯᠴᠠᠯᠭ᠎ᠠ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠰᠤᠷᠤᠯᠴᠠᠬᠤ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠲᠤᠰᠬᠠᠶ ᠰᠡᠳᠦᠪᠲᠦ ᠨᠣᠮ | ᠤᠩᠰᠢᠬᠤ ᠠᠩᠭᠢ ᠶᠢ ᠰᠠᠶᠢᠲᠤᠷ ᠡᠷᠬᠢᠯᠡᠵᠦ᠂ ᠦᠨᠳᠦᠰᠦᠨ ᠪᠣᠯᠪᠠᠰᠤᠷᠠᠯ ᠢ ᠰᠠᠶᠢᠲᠤᠷ ᠥᠷᠨᠢᠭᠦᠯᠵᠦ᠂ ᠰᠤᠷᠲᠠᠯ ᠤᠨ | ᠪᠠᠶᠢᠭᠤᠯᠤᠯᠲᠠ ᠶᠢᠨ ᠦᠵᠡᠯ ᠰᠠᠨᠠᠭᠠᠨ ᠤ ᠰᠠᠭᠤᠷᠢ ᠶᠢ ᠦᠨᠡᠨ ᠬᠦ ᠪᠠᠬᠢᠵᠢᠭᠦᠯᠪᠠ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠠᠮ ᠤᠨ ᠡᠭᠦᠷ ᠢᠶᠠᠷ ᠨᠢᠭᠡᠴᠢ ᠪᠣᠯᠭᠠᠨ᠂ ︽ᠭᠤᠷᠪᠠᠨ ᠬᠤᠷᠠᠯ ᠨᠢᠭᠡ | ᠬᠢᠴᠢᠶᠡᠯ ︾ ᠵᠡᠷᠭᠡ ᠲᠦᠷᠢᠮ ᠢ ᠭᠦᠢᠴᠡᠳ ᠬᠡᠷᠡᠭᠯᠡᠵᠦ᠂ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ | ᠲᠥᠪᠯᠡᠷᠡᠬᠦᠯᠦᠨ ᠰᠤᠷᠤᠯᠴᠠᠬᠤ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠨᠠᠮ ᠤᠨ ᠡᠭᠦᠷ ᠤᠨ ᠱᠦᠵᠢ | ᠨᠠᠮ ᠤᠨ ᠬᠢᠴᠢᠶᠡᠯ ᠤᠷᠤᠬᠤ ᠠᠵᠢᠯᠯᠠᠭ᠎ᠠ ᠦᠷᠨᠢᠭᠦᠯᠪᠠ᠃ ᠠᠰᠠᠭᠤᠳᠠᠯ ᠢ ᠪᠠᠶᠢᠴᠠᠭᠠᠨ ᠳᠡᠯᠭᠡᠬᠦ ᠶᠢ ᠢᠮᠠᠭᠲᠠ | ᠲᠤᠭᠤᠰᠢᠯᠠᠭᠤᠯᠵᠤ᠂ ᠳᠡᠭᠡᠷ᠎ᠠ ᠱᠠᠳᠤ ᠨᠢ ᠲᠤᠤᠷ᠎ᠠ ᠱᠠᠳᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠤᠳᠤᠯᠳᠠ ᠶᠢᠨ | ᠬᠢᠨᠠᠯᠲᠠ ᠲᠠᠯᠪᠢᠬᠤ ᠵᠡᠷᠭᠡ 7 ᠵᠦᠢᠯ ᠤᠨ ᠠᠷᠭ᠎ᠠ ᠵᠠᠮ ᠢ ᠭᠦᠢᠴᠡᠳ ᠬᠡᠷᠡᠭᠯᠡᠵᠦ᠂ ᠤᠯᠠᠨ ᠲᠦᠮᠡᠨ ᠤ ᠰᠠᠨᠠᠯ | ᠰᠠᠨᠠᠭᠤᠯᠭ᠎ᠠ ᠶᠢ ᠬᠤᠷᠢᠶᠠᠬᠤ ᠪᠠ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠶ᠊ ᠡᠶ᠎ᠡ ᠶᠢ ᠵᠠᠳᠠᠯᠬᠤ ᠬᠤᠶᠠᠷ | ᠵᠦᠢᠯ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ | ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠡᠷᠢᠪᠠ᠃ ᠠᠰᠠᠭᠤᠳᠠᠯ ᠢ ᠴᠡᠭᠴᠡᠯᠡᠨ ᠵᠠᠰᠠᠬᠤ ᠶᠢ ᠢᠮᠠᠭᠲᠠ | ᠲᠤᠭᠤᠰᠢᠯᠠᠭᠤᠯᠬᠤ ᠶᠢ ᠪᠠᠷᠢᠮᠲᠠᠯᠠᠵᠤ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ | ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠲᠥᠪ ᠠᠴᠠ ᠵᠢᠭᠰᠠᠭᠠᠭᠰᠠᠨ 11 ᠲᠠᠯ᠎ᠠ ᠶᠢᠨ ᠴᠡᠭᠴᠡᠯᠡᠨ ᠵᠠᠰᠠᠬᠤ | ᠠᠭᠤᠯᠭ᠎ᠠ ᠲᠠᠢ ᠤᠶᠠᠯᠳᠤᠭᠤᠯᠤᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠦᠷᠦᠯ ᠬᠤᠪᠢᠶᠠᠨ ᠥᠷᠨᠢᠭᠦᠯᠪᠠ | ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ | ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ ᠢᠮᠠᠭᠲᠠ ᠲᠤᠭᠤᠰᠢᠯᠠᠭᠤᠯᠵᠤ᠂ ᠤᠯᠠᠨ ᠲᠦᠮᠡᠨ ᠤ ᠰᠠᠨᠠᠯ ᠢ | ᠰᠠᠨᠠᠭᠠᠴᠢᠯᠠᠭ᠎ᠠ ᠠᠴᠠ ᠪᠠᠨ ᠰᠣᠨᠣᠰᠴᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠳᠤ ᠰᠤᠷᠤᠯᠴᠠᠯᠭ᠎ᠠ | ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ ᠪᠠᠶᠢᠳᠠᠯ ᠢ ᠦᠨᠡᠨ ᠬᠦ ᠮᠡᠳᠡᠷᠡᠭᠦᠯᠪᠠ᠃ ᠦᠷ᠎ᠡ ᠪᠦᠲᠦᠭᠡᠯ ᠢ | ᠪᠠᠬᠢᠵᠢᠬᠦᠯᠬᠦ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠳᠦᠷᠢᠮ ᠲᠣᠭᠲᠠᠭᠠᠯ ᠲᠣᠭᠲᠠᠭᠠᠬᠤ ᠶᠢ ᠪᠣᠳᠠᠲᠠᠢ | ᠠᠳᠬᠤᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ | ᠪᠠᠶᠢᠩᠭᠤ ᠶᠢᠨ ᠪᠥᠭᠡᠳ ᠤᠷᠲᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠪᠠ᠃ |