ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠸᠠᠩ ᠵᠢᠶᠠ ᠵᠢᠶᠦ᠋ᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/4/3
   4 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠵᠢᠶᠠ ᠵᠢᠶᠦ᠋ᠨ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠰᠢᠶᠠᠨ ᠤ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠬᠠᠤᠯᠢ ᠴᠠᠭᠠᠵᠠ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾᠂ ᠥᠪᠡᠷᠲᠡᠭᠡᠨ ᠵᠠᠰᠠᠬᠤ ᠣᠷᠣᠨ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠢ ᠰᠦᠶᠳᠬᠡᠬᠦ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽2025 ᠣᠨ ᠤ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯᠳᠠᠯᠭ᠎ᠠ︾᠂ ︽2025 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ 2025 ᠣᠨ ᠤ ᠥᠪᠡᠷᠲᠡᠭᠡᠨ ᠵᠠᠰᠠᠬᠤ ᠣᠷᠣᠨ ( ᠬᠤᠶᠠᠳᠤᠭᠠᠷ ᠪᠦᠯᠦᠭ ) ᠤ ᠡᠳ᠋ ᠤᠨ ᠵᠠᠰᠠᠭ ᠢ ᠵᠣᠯᠭᠠᠭᠤᠯᠬᠤ ᠪᠠᠯᠠ ᠮᠥᠩᠭᠦ ᠶᠢ ᠬᠡᠷᠡᠭᠵᠢᠭᠦᠯᠬᠦ ᠲᠥᠷᠥᠯ ᠵᠦᠶᠯ ᠵᠡᠷᠭᠡ ᠵᠦᠶᠯᠡᠰ ᠢ ᠰᠤᠳᠤᠯᠵᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠨ ᠪᠤᠳᠤᠵᠤ ᠬᠢᠨᠠᠯᠲᠠ ᠲᠠᠯᠪᠢᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃    ᠬᠤᠷᠠᠯ ᠠᠴᠠ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠲᠤᠬᠢᠷᠠᠭᠤᠯᠤᠨ᠂ ᠤᠷᠤᠨ ᠠᠶᠢᠮᠠᠭ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠦᠴᠢᠦᠸᠠᠨ ᠰᠢᠶᠠᠨ ᠤ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠵᠢᠭᠰᠠᠭᠠᠨ ᠪᠠᠶᠢᠴᠠᠭᠠᠬᠤ᠂ ᠴᠣᠬᠢᠯᠲᠠ ᠥᠭᠴᠦ ᠰᠢᠢᠳᠪᠦᠷᠢᠯᠡᠬᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠨᠥᠭᠡᠴᠡᠯᠡᠬᠦ᠂ ᠪᠠᠯᠠ ᠮᠥᠩᠭᠦ ᠤᠯᠬᠤ᠂ ᠪᠠᠷᠢᠯᠭ᠎ᠠ ᠶᠢᠨ ᠶᠠᠰᠤ ᠴᠢᠨᠠᠷ᠂ ᠪᠠᠯᠠ ᠮᠥᠩᠭᠦ ᠶᠢᠨ ᠬᠡᠷᠡᠭᠯᠡᠯᠲᠡ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠶᠴᠡᠳᠬᠡᠬᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠨᠢ ᠪᠠᠯᠠ ᠮᠥᠩᠭᠦᠨ ᠤ ᠠᠮᠵᠢᠯᠲᠠ ᠪᠦᠲᠦᠮᠵᠢ ᠶᠢᠨ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠮᠠᠭᠠᠯᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ︽ᠭᠤᠷᠪᠠᠨ ᠴᠢᠬᠤᠯᠠ ᠨᠢᠭᠡ ᠶᠡᠭᠡ︾ ᠲᠦᠷᠢᠮ ᠢ ᠴᠢᠩᠭ᠎ᠠ ᠬᠡᠷᠡᠭᠵᠢᠭᠦᠯᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠡᠯ᠎ᠡ ᠵᠦᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃    ᠪᠠᠶᠢᠩᠭᠤ ᠶᠢᠨ ᠬᠤᠷᠠᠯ ᠤᠨ ᠳᠠᠷᠠᠭ᠎ᠠ᠂ 2025 ᠣᠨ ᠤ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ 2025 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号